ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/9
     ᠾᠧ ᠬᠠᠢ ᠳ᠋ᠦᠩ ᠬᠤᠷᠠᠯ ᠢ ᠡᠷᠬᠢᠯᠡᠪᠡ             ︵ᠰᠤᠷᠪᠤᠯᠵᠢᠯᠠᠭᠴᠢ ᠯᠢᠶᠠᠩ ᠵᠢᠩ ᠱᠤ᠋︶ 7 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ  ᠬᠤᠷᠠᠯ ᠢ ᠡᠷᠭᠢᠯᠡᠪᠡ᠃             ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠤᠯᠠᠮᠵᠢᠯᠠᠨ ᠲᠠᠷᠬᠠᠭᠠᠭᠰᠠᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠤᠯᠤᠰ ᠤᠨ ᠡᠨᠧᠷᠭᠢ ᠶᠢᠨ ᠲᠣᠪᠴᠢᠶ᠎ᠠ ᠶᠢᠨ ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ  ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠤ᠂ ᠵᠦᠢᠯ ᠵᠤᠷᠪᠤᠰ ᠳᠠᠷᠠᠭᠠᠯᠠᠨ ᠰᠤᠳᠤᠯᠤᠨ᠂ ᠲᠥᠷᠥ ᠶᠢᠨ  ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠠᠵᠢᠯ ᠢᠶᠠᠨ ᠨᠠᠷᠢᠯᠢᠭ ᠬᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠪᠠᠶᠢᠷᠢᠯᠠᠭᠤᠯᠤᠯᠲᠠ ᠶᠣᠰᠣᠭᠠᠷ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠦᠴᠦᠲᠡᠢ ᠡᠮᠬᠢ  ᠵᠢᠷᠤᠮ ᠲᠠᠢ ᠪᠦᠲᠦᠮᠵᠢᠲᠡᠶ ᠲᠦᠯᠬᠢᠨ ᠠᠬᠢᠭᠤᠯᠬᠤ ᠬᠡᠷᠡᠭᠲᠡᠢ᠃ ᠪᠦᠬᠦ ᠬᠤᠳᠠ ᠪᠠᠷ ᠢᠶᠠᠨ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ ᠲᠣᠬᠢᠷᠠᠭᠤᠯᠵᠤ᠂ ᠤᠯᠠᠨ ᠲᠠᠯ᠎ᠠ ᠠᠴᠠ  ᠬᠦᠴᠦᠯᠡᠵᠦ ᠬᠠᠮᠵᠢᠯᠴᠠᠨ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢ ᠠᠷᠪᠢᠯᠠᠵᠤ᠂ ᠨᠡᠭᠡᠭᠡᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠬᠡᠷᠡᠭᠲᠡᠢ᠃ ᠵᠦᠢ ᠵᠣᠬᠢᠰᠲᠠᠢ  ᠪᠠᠶᠢᠷᠢᠰᠢᠭᠤᠯᠤᠯᠲᠠ ᠶᠢ ᠤᠷᠢᠳᠴᠢᠯᠠᠨ ᠲᠥᠯᠥᠪᠯᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠣᠷᠣᠨ ᠵᠠᠢ ᠶᠢᠨ  ᠬᠡᠷᠡᠭᠴᠡᠭᠡ ᠶᠢ ᠪᠠᠲᠤᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃             ᠬᠤᠷᠠᠯ ᠠᠴᠠ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ  ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠷᠠᠭᠠᠴᠢ ᠶᠢᠨ ᠠᠯᠬᠤᠮ ᠤᠨ ᠠᠵᠢᠯ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ  ᠪᠠᠶᠢᠷᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠬᠥᠭᠵᠢᠯᠲᠡ ᠳᠤ ᠬᠤᠯᠪᠣᠭᠳᠠᠵᠤ ᠂ ᠠᠷᠠᠳ ᠤᠨ ᠠᠮᠢᠳᠤᠷᠠᠯ ᠳᠤ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ  ᠰᠠᠯᠠᠭ᠎ᠠ ᠮᠥᠴᠢᠷ ᠤᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠠᠷᠠᠭᠠᠯᠬᠢᠯᠠᠯᠳᠤ ᠴᠢᠨᠠᠷ ᠪᠠ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ  ᠂ ᠰᠤᠷᠭᠠᠭᠤᠯᠢ ᠡᠷᠭᠢᠯᠡᠬᠦ ᠪᠠᠶᠢᠷᠢᠰᠢᠯ ᠢ ᠰᠢᠯᠢᠳᠡᠭᠵᠢᠭᠦᠯᠵᠦ᠂ ᠬᠥᠮᠥᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ  ᠬᠥᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ  ᠶᠠᠪᠤᠬᠤ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠡᠷᠭᠢᠯᠡᠬᠦ ᠣᠨᠴᠠᠯᠢᠭ ᠢ ᠴᠢᠬᠤᠯᠠᠴᠢᠯᠠᠵᠤ᠂ ᠰᠤᠷᠭᠠᠭᠤᠯᠢ ᠡᠷᠭᠢᠯᠡᠬᠦ ᠠᠭᠤᠯᠤᠭᠳᠠᠬᠤᠨ ᠢ ᠲᠣᠪᠤᠶᠢᠯᠭᠠᠨ᠂ ᠦᠢᠯᠡᠳᠪᠦᠷᠢᠯᠡᠯ ᠪᠠ  ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠰᠠᠶᠢᠲᠤᠷ ᠠᠳᠬᠤᠵᠤ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ  ᠭᠠᠵᠠᠷ ᠢ ᠪᠦᠲᠦᠭᠡᠨ ᠪᠠᠶᠢᠭᠤᠯᠵᠤ᠂ ᠪᠣᠯᠪᠠᠰᠤᠷᠠᠭᠤᠯᠤᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠰᠤᠷᠤᠭᠴᠢᠳ ᠤᠨ ᠠᠵᠢᠯ ᠣᠯᠬᠤ ᠮᠡᠷᠭᠡᠵᠢᠯ ᠴᠢᠳᠠᠪᠤᠷᠢ ᠪᠠ ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠲᠤᠯᠠᠭ᠎ᠠ ᠶᠢ ᠴᠢᠩᠭᠠᠳᠬᠠᠵᠤ᠂  ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠬᠡᠷᠡᠭᠴᠡᠭᠡ ᠲᠠᠢ  ᠵᠣᠯᠭᠠᠭᠤᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂  ᠣᠷᠣᠨ ᠤ ᠲᠥᠪ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号