ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠬᠤᠳᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠣᠨ  ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/7/9
      ︵ᠰᠤᠷᠪᠤᠯᠵᠢᠯᠠᠭᠴᠢ ᠶᠦᠨ ᠵᠢᠩ ᠯᠢᠦ ᠬᠤᠢ ᠬᠤᠢ︶ 7 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠤᠯᠤᠰ ᠤᠨ  ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠣᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃            ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ  ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠤᠨ  ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠣᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠮᠳᠠ᠂ ᠬᠠᠷᠢᠭᠤᠴᠠᠯᠭᠠᠲᠤ  ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠶᠢ ᠲᠤᠪᠤᠶᠢᠯᠭᠠᠬᠤ᠂ ᠵᠠᠩᠭᠢᠯᠠᠭ᠎ᠠ ᠶᠢ ᠠᠳᠬᠤᠬᠤ ᠶᠢ ᠪᠠᠷᠢᠮᠲᠠᠯᠠᠨ᠂  ᠴᠠᠭ ᠪᠢᠳᠡᠨ ᠢ ᠬᠦᠯᠢᠶᠡᠬᠦ ᠦᠭᠡᠢ ᠂ ᠥᠷᠯᠥᠭᠡ ᠦᠳᠡᠰᠢ ᠲᠠᠢ ᠲᠡᠮᠡᠴᠡᠬᠦ ᠰᠥᠰᠥ ᠵᠣᠷᠢᠭ ᠪᠣᠯᠣᠨ ᠬᠠᠷᠢᠭᠤᠴᠠᠯᠭ᠎ᠠ ᠪᠠᠷ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ  ᠰᠠᠶᠢᠲᠤᠷ ᠠᠳᠬᠤᠬᠤ ᠬᠡᠷᠡᠭᠲᠡᠢ ᠭᠡᠵᠡᠢ᠃            ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠳᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠷᠭᠡᠳᠬᠡᠬᠦ ᠪᠣᠯ ᠤᠯᠤᠰ᠂  ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠮᠥᠨᠴᠦ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠪᠣᠳᠠᠲᠤ ᠬᠡᠷᠡᠭᠴᠡᠭᠡ  ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂  ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠨᠡ ᠬᠦ ᠬᠠᠷᠠᠯᠲᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ ᠵᠠᠰᠠᠯᠲᠠ ᠶᠢ ᠲᠡᠭᠦᠯᠳᠡᠷᠵᠢᠭᠦᠯᠵᠦ᠂ ᠤᠷᠮᠠᠰᠢᠭᠤᠯᠤᠯ ᠢ  ᠴᠢᠩᠭᠠᠳᠬᠠᠵᠤ᠂ ᠭᠤᠣᠯ ᠠᠵᠢᠯ ᠢᠶᠠᠨ ᠲᠣᠪᠤᠶᠢᠯᠭᠠᠨ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ᠤᠨ ᠠᠵᠤ  ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ ᠬᠡᠷᠡᠭᠵᠢᠭᠦᠯᠬᠦ ᠰᠠᠨᠠᠯ ᠢ ᠲᠦᠷᠭᠡᠬᠡᠨ ᠨᠡᠶᠢᠲᠡᠯᠡᠵᠦ᠂ ᠠᠵᠢᠯᠲᠠᠨ ᠤ ᠬᠠᠮᠢᠶᠠᠷᠤᠯᠲᠠ᠂ ᠴᠠᠯᠢᠩ ᠣᠯᠭᠤᠮᠵᠢ᠂ ᠬᠢᠨᠠᠨ  ᠰᠢᠯᠭᠠᠵᠤ ᠦᠨᠡᠯᠡᠬᠦ ᠵᠡᠷᠭᠡ ᠲᠦᠷᠦᠯ ᠬᠤᠪᠢᠶᠠᠭᠰᠠᠨ ᠥᠭᠡᠷᠡᠴᠢᠯᠡᠯᠲᠡ ᠶᠢ ᠯᠠᠪᠳᠠᠭᠤᠨ ᠡᠮᠬᠢ ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠨ ᠰᠢᠯᠢᠵᠦ  ᠤᠷᠢᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠠᠳᠠᠨ ᠣᠷᠣᠭᠤᠯᠬᠤ ᠬᠡᠷᠡᠭᠲᠡᠢ᠃  ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ  ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠠᠲᠤ ᠴᠢᠩᠭ᠎ᠠ ᠵᠣᠬᠢᠶᠠᠨ  ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃            ᠬᠤᠷᠠᠯ ᠠᠴᠠ ᠴᠢᠬᠤᠯᠠᠴᠢᠯᠠᠭᠰᠠᠨ ᠨᠢ᠂ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠣᠯ ᠰᠦ ᠶᠢᠨ  ᠦᠢᠯᠡᠰ ᠤᠨ ᠬᠥᠭᠵᠢᠯᠲᠡ ᠶᠢᠨ ᠰᠠᠭᠤᠷᠢ ᠪᠠ ᠦᠨᠳᠦᠰᠦ ᠮᠥᠨ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ  ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ  ᠡᠷᠡᠰ ᠲᠤᠭᠤᠰᠢᠯᠠᠭᠤᠯᠤᠨ᠂ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠪᠣᠯᠣᠨ ᠥᠪᠡᠷᠲᠡᠭᠡᠨ ᠵᠠᠰᠠᠬᠤ ᠣᠷᠣᠨ ᠤ ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ  ᠰᠦᠪᠡᠭᠴᠢᠯᠡᠵᠦ ᠪᠠᠶᠢᠭᠠᠳ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃  ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ︽ᠨᠠᠷᠢᠨ ᠬᠠᠭᠤᠳᠠᠰᠤ ᠶᠢᠨ  ᠮᠠᠶ᠋ᠢᠭ︾ ᠢᠶᠠᠷ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠠᠷᠠᠯᠲᠠ ᠪᠠᠨ ᠴᠢᠩᠭ᠎ᠠ ᠠᠳᠬᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂  ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ ᠠᠬᠢᠴᠠ ᠶᠢ ᠠᠳᠬᠤᠵᠤ᠂ ᠬᠤᠲᠠ ᠶᠢᠨ ᠱᠠᠲᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠨᠢᠭᠡᠳᠦᠯᠲᠡᠢ ᠲᠥᠯᠥᠪᠯᠡᠨ  ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ  ᠪᠠᠳᠠᠷᠠᠭᠤᠯᠵᠤ᠂ ᠬᠤᠰᠢᠭᠤ ᠰᠢᠶᠠᠨ ᠨᠢ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ  ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠨᠡᠶᠢᠯᠡᠯ ᠬᠦᠴᠦᠨ ᠢ ᠪᠦᠷᠢᠯᠳᠦᠭᠦᠯᠵᠦ᠂  ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠦᠨᠡᠨᠬᠦ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃            ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠼᠦᠢ ᠵᠧᠨ ᠦ᠋᠂ ᠯᠢᠦ ᠴᠧᠩ ᠮᠢᠨ᠂ ᠱᠠᠩ ᠵᠢᠩ ᠮᠢᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ  ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号