ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/10
ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠳᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶ᠎ᠡ ᠴᠠᠷᠠᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠠᠬᠢᠭᠤᠯᠵᠠᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠢ ᠬᠤᠩ ᠵᠢᠶᠦ᠋ᠨ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠬᠤᠷᠠᠯ ᠢ ᠡᠷᠭᠢᠯᠡᠪᠡ      ᠬᠤᠷᠠᠯ ᠠᠴᠠ ᠪᠦᠬᠦ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠠᠶᠤᠯᠭᠦᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠵᠠᠷᠯᠠᠨ ᠮᠡᠳᠡᠭᠳᠡᠬᠦ ᠶᠢᠨ ᠬᠠᠮᠲᠤ ᠶᠠᠳᠠᠭᠤᠷᠠᠬᠤ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠬᠢᠨᠠᠨ ᠠᠵᠢᠭᠯᠠᠵᠤ ᠬᠠᠪᠰᠤᠷᠤᠨ ᠲᠡᠳᠬᠦᠬᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠴᠣᠭᠴᠠᠯᠠᠬᠤ ᠵᠢᠴᠢ ᠬᠥᠳᠡᠭᠡ ᠲᠣᠰᠬᠤᠨ ᠤ ᠠᠶᠤᠯᠭᠦᠢ ᠤᠰᠤ ᠤᠮᠳᠠ ᠪᠣᠯᠣᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠵᠤ ᠦᠢᠯᠡᠰ ᠢ ᠬᠦᠭᠵᠢᠬᠦᠯᠬᠦ ᠶᠢ ᠠᠬᠢᠭᠤᠯᠬᠤ ᠠᠵᠢᠯ ᠢ ᠥᠨᠳᠥᠷ ᠲᠦᠪᠰᠢᠨ ᠳᠤ ᠲᠥᠯᠥᠪᠵᠢᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠶᠤᠯᠭᠦᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠥᠳᠡᠯᠮᠦᠷᠢ ᠬᠢᠵᠦ ᠠᠵᠢᠯ ᠣᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠢ ᠴᠣᠭᠴᠠᠯᠠᠬᠤ᠂ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ ᠬᠠᠮᠵᠢᠯᠴᠠᠨ ᠬᠠᠪᠰᠤᠷᠤᠨ ᠲᠡᠳᠬᠦᠬᠦ᠂ ᠪᠡᠯᠡ ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ ᠵᠢᠴᠢ ᠳᠡᠭᠡᠳᠦ ᠱᠠᠲᠤᠨ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠲᠤᠯᠤᠭᠠᠨ ᠲᠠᠯ᠎ᠠ ᠶᠢᠨ ᠠᠰᠠᠭᠤᠳᠠᠯ ᠢ ᠪᠦᠬᠦ ᠬᠦᠴᠦᠨ ᠢᠶᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠬᠥᠳᠡᠭᠡ ᠲᠣᠰᠬᠤᠨ ᠤ ᠠᠶᠤᠯᠭᠦᠢ ᠤᠰᠤ ᠤᠮᠳᠠ ᠶᠢᠨ ᠪᠠᠲᠤᠯᠠᠭ᠎ᠠ ᠶᠢᠨ ᠲᠠᠯ᠎ᠠ ᠪᠠᠷ᠂ ᠪᠦᠲᠦᠭᠡᠨ ᠪᠠᠶᠢᠭᠤᠯᠬᠤ ᠬᠠᠮᠢᠶᠠᠷᠬᠤ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ᠂ ᠮᠢᠩᠭᠠᠨ ᠬᠥᠮᠥᠨ ᠠᠴᠠ ᠳᠡᠭᠡᠭᠰᠢ ᠬᠥᠮᠥᠨ ᠠᠮᠠ ᠲᠠᠢ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ︔ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ᠂ ᠠᠮᠤ ᠪᠤᠳᠠᠭᠠᠨ ᠤ ᠪᠤᠰᠤ ᠪᠣᠯᠭᠠᠬᠤ︾ ᠶᠢ ᠴᠡᠭᠴᠡᠯᠡᠨ ᠵᠠᠰᠠᠬᠤ ᠲᠠᠯ᠎ᠠ ᠪᠠᠷ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠴᠢᠩᠭᠠᠳᠬᠠᠨ᠂ ᠲᠠᠷᠢᠶᠠᠨ ᠭᠠᠵᠠᠷ ᠢ ᠤᠷᠢᠳᠠᠪᠠᠷ ᠠᠰᠢᠭᠯᠠᠬᠤ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠳᠣᠣᠷ᠎ᠠ ᠬᠠᠭᠠᠰ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号