ᠪᠦᠬᠦ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/16
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠦᠬᠦ ᠬᠤᠳᠠ ᠶᠢᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠮᠠᠨ ᠤ ᠬᠤᠳᠠ ᠶᠢᠨ ᠣᠶᠢᠷ᠎ᠠ ᠶᠢᠨ ᠬᠤᠭᠤᠴᠠᠭᠠᠨ ᠤ ᠰᠢᠷᠦᠭᠦᠨ ᠪᠣᠷᠤᠭᠠᠨᠲᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠮᠡᠳᠡᠭᠳᠡᠵᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠵᠤ ᠤᠰᠤᠲᠤᠯ ᠢ ᠰᠡᠷᠭᠡᠶᠢᠯᠡᠬᠦ᠂ ᠠᠭᠤᠯᠠᠨ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠦᠬᠦᠢ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠬᠦ ᠠᠵᠢᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯᠭᠦᠢ ᠳᠤ ᠬᠤᠯᠪᠣᠭᠳᠠᠵᠤ ᠪᠠᠶᠢᠳᠠᠭ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠥᠩᠭᠡᠨ ᠬᠠᠭᠤᠮᠠᠭᠠᠢ᠂ ᠮᠢᠨᠴᠦᠭᠦᠷᠡᠨ ᠲᠠᠶᠢᠪᠤᠰᠢᠷᠠᠵᠤ ᠶᠠᠭᠠᠬᠢᠭᠰᠠᠨ ᠴᠤ ᠪᠣᠯᠬᠤ ᠦᠭᠡᠢ᠂ ᠬᠦᠨᠳᠦ ᠶᠡᠭᠡ ᠦᠶᠡᠷ ᠤᠰᠤᠲᠤᠯ ᠤᠨ ᠭᠠᠮᠰᠢᠭ ᠭᠠᠷᠬᠤ ᠶᠢ ᠡᠷᠡᠰ ᠬᠤᠷᠢᠭᠯᠠᠨ ᠵᠣᠭᠰᠣᠭᠠᠵᠤ᠂ ᠪᠦᠷᠢᠨ ᠭᠦᠢᠴᠡᠳ ᠪᠡᠯᠡᠳᠬᠡᠯ ᠢᠶᠠᠷ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ᠃ ᠠᠵᠢᠯᠯᠠᠭ᠎ᠠ ᠶᠢᠨ ᠲᠠᠯ᠎ᠠ ᠪᠠᠷ ᠡᠷᠡᠰ ᠰᠢᠭᠤᠷᠬᠠᠢ ᠪᠥᠭᠡᠳ ᠲᠦᠷᠭᠡᠨ ᠬᠥᠳᠡᠯᠦᠯᠴᠡᠵᠦ᠂ ᠳᠠᠷᠤᠭ᠎ᠠ ᠬᠠᠷᠢᠭᠤᠴᠠᠬᠤ ᠳᠦᠷᠢᠮ ᠪᠣᠯᠣᠨ ᠰᠠᠯᠠᠭ᠎ᠠ ᠮᠥᠴᠢᠷ ᠤᠨ ᠠᠵᠢᠯ ᠤᠨ ᠪᠠᠶᠢᠷᠢ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠥᠨᠢ ᠳᠡᠭᠡᠨ ᠪᠦᠬᠦ ᠬᠤᠳᠠ ᠶᠢᠨ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠬᠡᠮ ᠰᠣᠭᠤᠭ ᠲᠠᠢ ᠭᠠᠵᠠᠷ ᠲᠤ ᠨᠢᠭᠡ ᠤᠳᠠᠭ᠎ᠠ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠬᠡᠷᠡᠭᠲᠡᠢ︔ ᠴᠠᠭ ᠠᠭᠤᠷ ᠪᠠ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠬᠤᠪᠢᠷᠠᠯᠲᠠ ᠶᠢ ᠨᠠᠷᠢᠨ ᠬᠢᠨᠠᠨ ᠬᠡᠮᠵᠢᠵᠦ᠂ ᠦᠶᠡᠷ ᠢ ᠰᠡᠷᠭᠡᠶᠢᠯᠡᠬᠦ ᠪᠠᠶᠢᠳᠠᠯ ᠢ ᠣᠨᠣᠪᠴᠢᠲᠠᠶ ᠰᠤᠳᠤᠯᠤᠨ ᠮᠠᠭᠠᠳᠯᠠᠵᠤ᠂ ᠬᠢᠨᠠᠨ ᠬᠡᠮᠵᠢᠭᠰᠡᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ︔ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠪᠠᠲᠤᠯᠠᠭ᠎ᠠ ᠶᠢᠨ ᠲᠠᠯ᠎ᠠ ᠪᠠᠷ ᠪᠥᠬᠦ ᠬᠦᠴᠦᠨ ᠢᠶᠠᠷ ᠢᠶᠠᠨ ᠳᠠᠭᠠᠵᠤ᠂ ᠦᠶᠡᠷ ᠢ ᠰᠡᠷᠭᠡᠶᠢᠯᠡᠬᠦ ᠡᠳ᠋  ᠪᠣᠳᠠᠰ ᠤᠨ ᠲᠣᠬᠢᠷᠠᠭᠤᠯᠤᠯᠲᠠ ᠶᠢᠨ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠨᠥᠭᠡᠴᠡ ᠶᠢᠨ ᠡᠯ᠎ᠡ ᠵᠦᠢᠯ ᠤᠨ ᠡᠳ᠋  ᠪᠣᠳᠠᠰ ᠢ ᠬᠤᠳᠠᠯᠳᠤᠨ ᠠᠪᠴᠤ ᠬᠥᠮᠥᠷᠭᠡ ᠶᠢ ᠨᠥᠬᠦᠪᠦᠷᠢᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠡᠳ᠋ ᠪᠣᠳᠠᠰ᠂ ᠬᠠᠮᠢᠶᠠᠷᠤᠯᠲᠠ᠂ ᠠᠵᠢᠯᠲᠠᠨ ᠭᠤᠷᠪᠠ ᠶᠢ ᠪᠣᠳᠠᠲᠠᠶᠢᠵᠢᠭᠤᠯᠬᠤ ᠬᠡᠷᠡᠭᠲᠡᠢ︔ ᠡᠭᠦᠨ ᠤ ᠵᠡᠷᠭᠡᠪᠡᠷ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ 24 ᠴᠠᠭ ᠢᠶᠠᠷ ᠵᠢᠵᠢᠭᠦᠷᠯᠡᠵᠦ ᠪᠡᠯᠡᠳᠬᠡᠬᠦ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ ᠤᠨ ᠵᠠᠷᠯᠢᠭ ᠢ ᠣᠯᠣᠮᠠᠭᠴᠠ ᠬᠠᠮᠤᠭ ᠤᠨ ᠣᠬᠤᠷ ᠬᠤᠭᠤᠴᠠᠭᠠᠨ ᠳᠤ ᠦᠶᠡᠷ ᠢ ᠰᠡᠷᠭᠡᠶᠢᠯᠡᠬᠦ ᠡᠳ᠋ ᠪᠣᠳᠠᠰ ᠢ ᠬᠦᠷᠭᠡᠵᠦ ᠲᠡᠶᠢᠯᠬᠦ ᠬᠡᠷᠡᠭᠲᠡᠢ᠂ ᠭᠦᠢᠴᠡᠳ ᠪᠡᠯᠡᠳᠬᠡᠬᠦ᠂ ᠲᠣᠬᠢᠷᠠᠭᠤᠯᠵᠤ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠣᠷᠣᠨ ᠨᠤᠭᠤᠳ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ᠂  ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠠᠳᠠᠯ ᠠᠬᠤᠢ ᠵᠡᠷᠭᠡ ᠬᠦᠴᠦᠨ ᠢ ᠳᠠᠶᠢᠴᠢᠯᠠᠨ᠂ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠲᠣᠰᠬᠤᠨ ᠳᠤ ᠬᠦᠷᠴᠦ ᠡᠷᠦᠬᠡ ᠳᠤ ᠣᠷᠣᠭᠤᠯᠬᠤ ᠬᠡᠷᠡᠭᠲᠡᠢ︔ ᠡᠯ᠎ᠡ ᠲᠥᠷᠥᠯ ᠤᠨ ᠲᠠᠪᠴᠠᠩ᠂ ᠵᠠᠭᠤᠴᠢᠯᠠᠭᠤᠷ ᠢ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠠᠭ ᠲᠤᠬᠠᠢ ᠳᠤᠨᠢ ᠨᠡᠶᠢᠲᠡᠯᠡᠵᠦ᠂ ᠬᠤᠲᠠ ᠶᠢᠨ ᠠᠷᠠᠳ ᠤᠨ ᠰᠡᠷᠭᠡᠶᠢᠯᠡᠯᠲᠡ ᠪᠠᠨ ᠴᠢᠩᠭᠠᠳᠬᠠᠨ᠂ ᠭᠠᠳᠠᠭᠰᠢ ᠭᠠᠷᠬᠤ ᠳᠠᠭᠠᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠷᠦᠭᠦᠨ ᠪᠣᠷᠣᠭᠠᠨ ᠤ ᠬᠤᠭᠤᠴᠠᠭᠠᠨ ᠳᠤ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠤᠯᠬᠤ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠣᠯᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯᠭᠦᠢ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号