| | ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠤᠳᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ 2022 ᠣᠨ ᠤ ᠭᠤᠷᠪᠠᠳᠤᠭᠠᠷ ᠪᠦᠯᠦᠭ᠂ ᠳᠥᠷᠪᠡᠳᠦᠭᠡᠷ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠤᠨ ᠪᠡᠯᠡ | ᠮᠥᠩᠭᠦ ᠶᠢ 880 ᠲᠦᠮᠡᠨ ᠲᠥᠭᠦᠷᠢᠭ ᠪᠠᠭᠤᠯᠭᠠᠪᠠ᠃ ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠠᠬᠢᠭᠤᠯᠤᠨ ᠳᠡᠭᠡᠭᠰᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ | ᠪᠡᠯᠡ ᠮᠥᠩᠭᠦ ᠶᠢ ᠪᠠᠭᠤᠯᠭᠠᠬᠤ ᠶᠢᠨ ᠵᠡᠷᠭᠡ ᠪᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ | ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ ᠤᠨ | ᠰᠠᠯᠠᠭ᠎ᠠ ᠮᠥᠴᠢᠷ ᠢ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠪᠣᠳᠠᠲᠠᠶᠢᠵᠢᠭᠤᠯᠬᠤ ᠶᠢᠨ | ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠵᠣᠭᠤᠰ ᠢ | ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ |