| | ︵ᠰᠤᠷᠪᠤᠯᠵᠢᠯᠠᠭᠴᠢ ᠯᠢᠦ ᠬᠤᠢ ᠬᠤᠢ︶ 8 ᠳ᠋ᠤᠭᠠᠷ ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠦᠴᠦᠸᠠᠨ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠠᠬᠤᠢ ᠲᠠᠯᠠᠪᠠᠢ ᠶᠢᠨ | ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ | ᠾᠧ ᠬᠠᠢ ᠳ᠋ᠦᠩ ᠤᠷᠢᠳ ᠬᠤᠵᠢᠳ ᠦᠴᠦᠸᠠᠨ ᠰᠢᠶᠠᠨ ᠤ ᠶᠠᠩ ᠭᠤᠸᠠᠩ ᠵᠢᠵᠢᠭ ᠪᠠᠯᠭᠠᠰᠣ ᠬᠤᠷᠢᠶᠠᠯᠠᠯ | ᠂ ᠦᠴᠦᠸᠠᠨ ᠰᠢᠶᠠᠨ ᠤ ᠡᠮᠨᠡᠯᠭᠡ ᠶᠢᠨ ᠬᠤᠷᠢᠶ᠎ᠠ᠂ ᠶᠢᠨ ᠳ᠋ᠦ᠋ ᠬᠤᠸᠠ ᠶᠤᠸᠠᠨ᠂ ᠮᠢᠩ ᠰᠢᠤᠸᠠᠨ ᠲᠤᠰᠠᠭᠠᠷᠯᠠᠬᠤ | ᠪᠠᠭᠤᠳᠠᠯ ᠵᠡᠷᠭᠡ ᠭᠠᠵᠠᠷ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠤᠨ ᠠᠬᠢᠴᠠ᠂ | ᠡᠮᠴᠢᠯᠡᠭᠡᠨ ᠤ ᠠᠪᠤᠷᠠᠨ ᠵᠠᠰᠠᠬᠤ᠂ ᠭᠤᠣᠯᠳᠠᠯᠭ᠎ᠠ ᠲᠠᠢ ᠬᠤᠷᠢᠶᠠᠯᠠᠯ ᠤᠨ ᠬᠠᠮᠢᠶᠠᠷᠤᠯᠲᠠ ᠡᠵᠡᠮᠳᠡᠯ᠂ ᠲᠤᠰᠠᠭᠠᠷᠯᠠᠬᠤ | ᠪᠠᠭᠤᠳᠠᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠵᠤ᠂ ᠦᠴᠦᠸᠠᠨ ᠰᠢᠶᠠᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠣᠯᠳᠠᠯᠭ᠎ᠠ ᠶᠢ ᠲᠣᠪᠤᠶᠢᠯᠭᠠᠨ᠂ | ᠬᠦᠴᠦᠨ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠩ ᠡᠷᠡᠰ ᠰᠢᠭᠤᠷᠬᠠᠢ ᠠᠷᠭ᠎ᠠ | ᠬᠡᠮᠵᠢᠶ᠎ᠡ ᠠᠪᠬᠤ ᠬᠡᠷᠡᠭᠲᠡᠢ ᠂ ᠠᠯᠭᠤᠷᠯᠠᠵᠤ ᠪᠣᠯᠬᠤ ᠦᠭᠡᠢ᠂ ᠲᠦᠷᠭᠡᠨ ᠬᠦᠳᠡᠯᠦᠯᠴᠡᠨ ᠲᠦᠷᠭᠡᠨ ᠲᠠᠷᠬᠠᠨ | ᠲᠡᠯᠭᠡᠷᠡᠬᠦ ᠶᠢ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ | ᠤᠬᠠᠭᠠᠨᠴᠢ ᠨᠠᠷᠢᠯᠢᠭ ᠣᠨᠤᠪᠴᠢᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠦ | ᠱᠠᠭᠠᠷᠳᠠᠵᠠᠢ᠃ | ᠳᠠᠷᠠᠭ᠎ᠠ ᠪᠠᠷ ᠨᠢ ᠬᠤᠷᠠᠯᠳᠤᠭᠰᠠᠨ ᠬᠤᠷᠠᠯ ᠳᠡᠭᠡᠷ᠎ᠡ᠂ ᠡᠾᠧ ᠬᠠᠢ ᠳ᠋ᠦᠩ ᠦᠴᠦᠸᠠᠨ ᠰᠢᠶᠠᠨ ᠤ ᠪᠦᠭᠡᠮ | ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠡᠭᠦᠰᠦᠯ ᠢ ᠮᠦᠷᠳᠡᠬᠦ᠂ | ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ᠂ ᠬᠥᠮᠥᠨ ᠪᠠ ᠡᠳ᠋ | ᠪᠣᠳᠠᠰ ᠤᠨ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠤᠰᠪᠠ᠂ ᠲᠡᠷᠡ ᠴᠢᠬᠤᠯᠠᠴᠢᠯᠠᠬᠤ ᠳᠠᠭᠠᠨ᠂ ︽ᠲᠦᠷᠭᠡᠨ ᠪᠠᠶᠢᠬᠤ ︾ ᠶᠢ ᠲᠡᠷᠢᠭᠦᠨ ᠳᠤ ᠲᠠᠯᠪᠢᠬᠤ ᠶᠢ | ᠪᠠᠷᠢᠮᠳᠠᠯᠠᠵᠤ᠂ ᠲᠦᠷᠭᠡᠨ ᠢᠯᠡᠷᠡᠭᠦᠯᠦᠨ᠂ ᠲᠠᠬᠤᠯ ᠡᠪᠡᠳᠴᠢᠨ ᠤ ᠪᠠᠶᠢᠴᠠᠭᠠᠯᠲᠠ ᠶᠢ ᠲᠦᠷᠭᠡᠨ ᠬᠢᠵᠦ᠂ ᠲᠦᠷᠭᠡᠨ | ᠪᠠᠶᠢᠴᠠᠭᠠᠨ ᠭᠡᠮᠵᠢᠵᠦ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠲᠦᠷᠭᠡᠨ ᠮᠦᠷᠳᠡᠵᠦ᠂ ᠲᠦᠷᠭᠡᠨ | ᠰᠢᠢᠳᠪᠦᠷᠢᠯᠡᠬᠦ ᠬᠡᠷᠡᠭᠲᠡᠢ᠂ ᠲᠦᠷᠭᠡᠨ ᠬᠦᠳᠡᠯᠦᠯᠴᠡᠵᠦ ᠬᠢᠵᠢᠭ ᠲᠦᠷᠭᠡᠨ ᠲᠠᠷᠬᠠᠨ ᠲᠡᠯᠭᠡᠷᠡᠬᠦ ᠶᠢ ᠬᠤᠷᠢᠭᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠨᠢᠭᠲᠠ ᠰᠦᠯᠵᠢᠬᠦ ᠬᠡᠷᠡᠭᠲᠡᠢ᠃ ︽ | ᠣᠨᠣᠪᠴᠢᠲᠠᠶ ᠪᠠᠶᠢᠬᠤ︾ ᠶᠢ ᠳᠣᠪᠤᠶᠢᠯᠭᠠᠵᠤ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ | ᠵᠢᠷᠤᠮ ᠲᠠᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠪᠥᠭᠡᠳ ᠲᠣᠭᠲᠠᠭᠤᠨ ᠡᠮᠬᠢ | ᠵᠢᠷᠤᠮ ᠲᠠᠢ ᠪᠠᠷ ᠰᠤᠷᠭᠠᠭᠤᠯᠢ ᠡᠬᠢᠯᠡᠬᠦ ᠶᠢ ᠦᠨᠡᠨᠬᠦ ᠪᠠᠲᠤᠯᠠᠵᠤ᠂ ᠡᠮᠨᠡᠯᠭᠡ ᠶᠢᠨ ᠬᠤᠷᠢᠶ᠎ᠠ ᠨᠤᠭᠤᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠠᠳᠬᠤᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠨ᠂ ᠡᠮᠨᠡᠯᠭᠡ ᠶᠢᠨ ᠬᠤᠷᠢᠶᠠᠨ ᠳᠤ | ᠬᠠᠯᠳᠠᠪᠤᠷᠢᠯᠠᠯ ᠤᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠰᠡᠷᠭᠡᠶᠢᠯᠡᠬᠦ︾ ᠳᠤ ᠰᠠᠭᠤᠷᠢᠯᠠᠵᠤ᠂ ︽ | ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ᠂ ᠬᠢᠵᠢᠭ ᠳᠡᠯᠭᠡᠷᠡᠬᠦ ᠶᠢ ᠰᠡᠷᠭᠡᠶᠢᠯᠡᠬᠦ︾ ᠠᠮᠠᠰᠠᠷ ᠢ ᠪᠠᠬᠢᠯᠡᠵᠦ᠂ ᠵᠠᠮ | ᠬᠠᠷᠢᠯᠴᠠᠭᠠᠨ ᠤ ᠣᠷᠣᠬᠤ ᠡᠭᠦᠳᠡ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ︽ᠬᠤᠶᠠᠷ | ᠺᠣᠳ᠋ ᠨᠢᠭᠡ ᠭᠡᠷᠡᠴᠢ︾ ᠶᠢ ᠪᠠᠶᠢᠴᠠᠭᠠᠨ ᠰᠢᠯᠭᠠᠬᠤ ᠪᠠ ︽ᠬᠦᠷᠴᠦ ᠢᠷᠡᠭᠰᠡᠨ ᠭᠠᠵᠠᠷ ᠲᠤᠨᠢ ᠪᠦᠭᠡᠮ ᠬᠦᠴᠢᠯ ᠤᠨ | ᠪᠠᠶᠢᠴᠠᠭᠠᠯᠲᠠ ᠬᠢᠬᠦ︾ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ | ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠵᠢᠴᠢ | ᠬᠢᠵᠢᠭ ᠤᠨ ᠪᠠᠶᠢᠳᠠᠯ ᠭᠠᠳᠠᠭᠰᠢ ᠯᠡᠪᠡᠷᠡᠬᠦ ᠭᠡᠮ ᠰᠣᠭᠤᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠴᠢᠩᠭ᠎ᠠ ᠪᠠᠶᠢᠬᠤ︾ | ᠶᠢ ᠰᠠᠶᠢᠲᠤᠷ ᠠᠳᠬᠤᠵᠤ᠂ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠬᠡᠯᠡᠪᠡᠯ ᠵᠠᠪᠠᠯ ᠪᠡᠶᠡᠯᠡᠭᠦᠯᠬᠦ︾ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠲᠤᠷᠰᠢᠯᠭ᠎ᠠ ᠪᠠᠨ ᠰᠠᠶᠢᠲᠤᠷ ᠠᠰᠢᠭᠯᠠᠵᠤ᠂ | ᠰᠤᠷᠭᠠᠮᠵᠢ ᠠᠪᠴᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠴᠠᠭ ᠲᠤᠬᠠᠢ ᠳᠤᠨᠢ | ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠠᠵᠢᠯ ᠢ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠦᠭᠡᠢ ᠠᠴᠠ | ᠴᠠᠭ ᠲᠤᠬᠠᠢ ᠳᠤᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ | ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠪᠤᠶᠤ | ᠬᠤᠷᠠᠯ ᠳᠤ ᠣᠷᠣᠯᠴᠠᠪᠠ᠃ |