ᠾᠧ ᠬᠠᠢ ᠳ᠋ᠦᠩ ᠭᠤᠣᠯᠳᠠᠯᠭ᠎ᠠ ᠲᠠᠢ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/18
     ︵ᠰᠤᠷᠪᠤᠯᠵᠢᠯᠠᠭᠴᠢ ᠯᠢᠦ ᠬᠤᠢ ᠬᠤᠢ︶ 8 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠮᠠᠨ ᠤ ᠬᠤᠳᠠ ᠶᠢᠨ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠰᠤᠨᠤᠭᠰᠠᠨ ᠬᠡᠰᠡᠭ᠂ ᠶᠢᠨ ᠱᠧᠩ ᠵᠠᠮ ᠵᠡᠷᠭᠡ ᠭᠤᠣᠯᠳᠠᠯᠭ᠎ᠠ ᠲᠠᠢ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠠᠵᠢᠯ ᠢ ᠲᠤᠬᠠᠢ ᠶᠢᠨ ᠲᠠᠯᠠᠪᠠᠢ ᠳᠤ ᠪᠠᠶᠢᠷᠢᠯᠠᠭᠤᠯᠵᠠᠢ᠃      ᠾᠧ ᠬᠠᠢ ᠳ᠋ᠦᠩ ᠨᠠᠷ ᠤᠷᠢᠳ ᠬᠤᠵᠢᠳ ᠶᠢᠨ ᠬᠠᠢ ᠵᠠᠮ ᠤᠨ ᠵᠡᠭᠦᠨᠰᠢ ᠰᠤᠨᠤᠭᠰᠠᠨ ᠬᠡᠰᠡᠭ᠂ ᠪᠠᠶᠠᠨᠨᠠᠭᠤᠷ ᠵᠠᠮ ᠤᠨ ᠬᠤᠶᠢᠰᠢ ᠰᠤᠨᠤᠭᠰᠠᠨ ᠬᠡᠰᠡᠭ᠂ ᠶᠢᠨ ᠬᠠᠢ ᠵᠠᠮ ᠤᠨ ᠪᠠᠷᠠᠭᠤᠨᠰᠢ ᠰᠤᠨᠤᠭᠰᠠᠨ ᠬᠡᠰᠡᠭ᠂ ᠣᠷᠳᠣᠰ ᠶᠡᠭᠡ ᠵᠡᠭᠡᠯᠢ ᠶᠢᠨ ᠪᠠᠷᠠᠭᠤᠨᠰᠢ ᠰᠤᠨᠤᠭᠰᠠᠨ ᠬᠡᠰᠡᠭ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠰᠤᠨᠤᠭᠰᠠᠨ ᠬᠡᠰᠡᠭ᠂ ᠶᠢᠨ ᠱᠧᠩ ᠵᠠᠮ ᠤᠨ ᠬᠤᠶᠢᠲᠤ ᠬᠡᠰᠡᠭ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠴᠦ᠂ ᠲᠤᠬᠠᠢ ᠶᠢᠨ ᠲᠠᠯᠠᠪᠠᠢ ᠶᠢ ᠦᠵᠡᠵᠦ᠂ ᠠᠬᠢᠴᠠ ᠶᠢ ᠠᠰᠠᠭᠤᠵᠤ᠂ ᠲᠦᠷᠦᠯ ᠵᠦᠢᠯ ᠢ ᠠᠬᠢᠭᠤᠯᠬᠤ ᠳᠤᠮᠳᠠᠬᠢ ᠡᠪᠡᠷᠰᠢᠶᠡᠯ᠂ ᠲᠦᠭᠵᠢᠷᠡᠯ ᠢ  ︽ᠣᠨᠤᠰᠢᠯᠠᠵᠤ︾᠂ ᠲᠦᠷᠦᠯ ᠵᠦᠢᠯ ᠤᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠶᠤᠯᠭᠦᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠤᠷᠢᠳᠴᠢᠯᠠᠨ ᠲᠣᠭᠲᠠᠭᠠᠭᠰᠠᠨ ᠲᠥᠯᠥᠪᠯᠡᠭᠡ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ᠂ ᠬᠤᠲᠠ ᠶᠢᠨ ᠵᠠᠮ ᠤᠨ ᠲᠣᠣᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠦᠨᠡᠨᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃      ᠾᠧ ᠬᠠᠢ ᠳ᠋ᠦᠩ ᠪᠠᠶᠢᠴᠠᠭᠠᠨ ᠰᠤᠳᠤᠯᠤᠯᠲᠠ ᠳᠤᠮᠳᠠ ᠵᠢᠭᠠᠵᠤ ᠭᠠᠷᠭᠠᠭᠰᠠᠨ ᠨᠢ᠂ ᠬᠤᠲᠠ ᠶᠢᠨ ᠵᠠᠮ ᠢ  ᠥᠭᠡᠷᠡᠴᠢᠯᠡᠨ ᠰᠠᠶᠢᠵᠢᠷᠠᠭᠤᠯᠬᠤ ᠨᠢ ᠣᠯᠠᠨ ᠲᠦᠮᠡᠨ ᠤ ᠡᠳᠦᠷ ᠲᠤᠲᠤᠮ ᠤᠨ ᠶᠠᠪᠤᠵᠤ ᠰᠠᠭᠤᠬᠤ ᠳᠤ ᠬᠤᠯᠪᠣᠭᠳᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠪᠠᠷᠢᠯᠭ᠎ᠠ ᠶᠢᠨ ᠨᠢᠭᠡᠴᠡ ᠪᠣᠯᠣᠨ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ ᠬᠢᠬᠦ ᠶᠢ ᠲᠡᠷᠢᠭᠦᠨ ᠳᠤ ᠲᠠᠯᠪᠢᠨ᠂ ᠲᠦᠷᠭᠡᠨ ᠢ ᠪᠣᠳᠣᠯᠬᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠠᠵᠢᠯᠲᠠᠨ ᠪᠠ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠲᠦᠯᠬᠢᠨ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠣᠨ ᠪᠠᠷᠢᠯᠭ᠎ᠠ ᠶᠢᠨ ᠠᠬᠢᠴᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠰᠣᠳᠣᠨ ᠪᠠᠷᠢᠯᠭ᠎ᠠ᠂ ᠠᠶᠤᠯᠭᠦᠢ ᠪᠠᠷᠢᠯᠭ᠎ᠠ ᠶᠢ ᠬᠦᠴᠦᠯᠡᠨ ᠪᠠᠶᠢᠭᠤᠯᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠦᠷ᠎ᠡ ᠪᠦᠲᠦᠮᠵᠢ ᠶᠢ ᠨᠡᠮᠡᠭᠳᠡᠭᠦᠯᠵᠦ᠂ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠡᠷᠭᠡᠪᠡᠷ ᠰᠠᠶᠢᠲᠤᠷ ᠠᠳᠬᠤᠵᠤ᠂ ᠠᠷᠠᠳ ᠤᠯᠠᠨ ᠤ ᠶᠠᠪᠤᠵᠤ ᠰᠠᠭᠤᠬᠤ ᠨᠥᠬᠦᠴᠡᠯ ᠢ ᠦᠨᠡᠨᠬᠦ ᠰᠠᠶᠢᠵᠢᠷᠠᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦ ᠲᠠᠯ᠎ᠠ ᠶᠢᠨ᠂ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠨᠢᠭᠡᠴᠡ ᠶᠢ ᠱᠠᠯᠠᠪᠳᠠᠭᠤᠯᠤᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠶᠤᠯᠭᠦᠢ ᠥᠨᠳᠥᠷ ᠪᠦᠲᠦᠮᠵᠢᠲᠡᠢ ᠠᠬᠢᠭᠤᠯᠵᠤ᠂ ᠵᠠᠮ ᠢ ᠲᠡᠰ ᠳᠡᠪᠰᠢᠭᠦᠯᠬᠦ ᠥᠭᠡᠷᠡᠴᠢᠯᠡᠯᠲᠡ ᠪᠠᠷ ᠥᠨᠳᠥᠷ ᠶᠠᠰᠤ ᠴᠢᠨᠠᠷ ᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠧᠢ ᠬᠤᠩ ᠵᠢᠶᠦ᠋ᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠠᠨ ᡁᠢ ᠵᠥᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号