ᠪᠦᠬᠦ ᠬᠤᠲᠠ ᠶᠢᠨ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/18
     8 ᠳ᠋ᠤᠭᠠᠷ ᠰᠠᠷ᠎ᠠ ᠶᠢᠨ 16 ᠤ ᠣᠷᠣᠢ᠂ ᠪᠦᠬᠦ ᠬᠤᠲᠠ ᠶᠢᠨ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠪᠠ᠃      ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠮᠠᠨ ᠤ ᠬᠤᠳᠠ ᠶᠢᠨ 8 ᠳ᠋ᠤᠭᠠᠷ ᠰᠠᠷ᠎ᠠ ᠶᠢᠨ 17 ᠤ ᠣᠷᠣᠢ ᠠᠴᠠ 8 ᠳ᠋ᠤᠭᠠᠷ ᠰᠠᠷ᠎ᠠ ᠶᠢᠨ 18 ᠤ ᠥᠷᠯᠥᠭᠡ ᠪᠣᠯᠲᠠᠯᠠᠬᠢ ᠰᠢᠷᠦᠭᠦᠨ ᠪᠣᠷᠣᠭᠠᠨ ᠤ ᠴᠠᠭ ᠠᠭᠤᠷ ᠤᠨ ᠪᠠᠶᠢᠳᠠᠯ ᠤᠨ ᠤᠷᠢᠳᠴᠢᠯᠠᠭᠰᠠᠨ ᠮᠡᠳᠡᠭᠡ ᠶᠢ ᠨᠡᠶᠢᠲᠡᠯᠡᠵᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠵᠤ ᠤᠰᠤᠲᠤᠯ ᠢ ᠰᠡᠷᠭᠡᠶᠢᠯᠡᠬᠦ᠂ ᠠᠭᠤᠯᠠᠨ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠦᠬᠦᠢ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠯᠢᠦ ᠵᠢᠶᠠᠨ ᠭᠦᠸᠧ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠦᠵᠡᠯ ᠰᠠᠨᠠᠭᠠᠨ ᠤ ᠲᠠᠯ᠎ᠠ ᠪᠠᠷ ᠬᠤᠷᠢᠭ᠎ᠠ ᠱᠤᠭᠤᠮ ᠤᠨ ᠰᠡᠳᠬᠢᠬᠦᠢ ᠪᠠ ᠲᠤᠶᠢᠯᠰᠢᠷᠠᠯ ᠤᠨ ᠰᠡᠳᠬᠢᠬᠦᠢ ᠪᠠᠨ ᠴᠢᠩᠭᠠᠳᠬᠠᠵᠤ᠂ ᠠᠭᠤᠯᠠᠨ ᠦᠶᠡᠷ ᠤᠨ ᠭᠠᠮᠰᠢᠭ ᠪᠠ ᠬᠤᠳᠠ ᠶᠢᠨ ᠤᠰᠤᠲᠤᠯ ᠤᠨ ᠰᠡᠷᠭᠡᠶᠢᠯᠡᠯᠲᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠮᠡᠳᠡᠭᠡ ᠵᠠᠩᠭᠢ ᠶᠢ ᠪᠦᠲᠦᠮᠵᠢᠲᠡᠢ ᠳᠠᠮᠵᠢᠭᠤᠯᠵᠤ᠂ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠪᠣᠯᠭᠠᠬᠤ ᠪᠠ ᠤᠬᠠᠭᠤᠯᠤᠨ ᠳᠠᠶᠢᠴᠢᠯᠠᠬᠤ ᠠᠵᠢᠯ ᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠪᠠᠷ ᠴᠢᠬᠤᠯᠠᠴᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ ᠂ ᠶᠠᠭᠠᠬᠢᠭᠰᠠᠨ ᠴᠤ ᠬᠥᠩᠭᠡᠨ ᠬᠠᠭᠤᠮᠠᠭᠠᠢ᠂ ᠲᠠᠶᠢᠪᠤᠰᠢᠷᠠᠨ ᠴᠠᠯᠠᠭᠠᠶᠢᠷᠠᠵᠤ ᠪᠣᠯᠬᠤ ᠦᠭᠡᠢ᠂ ᠬᠦᠨᠳᠦ ᠶᠡᠭᠡ ᠦᠶᠡᠷ ᠤᠰᠤᠲᠤᠯ ᠤᠨ ᠭᠠᠮᠰᠢᠭ ᠭᠠᠷᠬᠤ ᠶᠢ ᠡᠷᠡᠰ ᠬᠤᠷᠢᠭᠯᠠᠨ ᠵᠣᠭᠰᠣᠭᠠᠵᠤ᠂ ᠪᠦᠷᠢᠨ ᠭᠦᠢᠴᠡᠳ ᠪᠡᠯᠡᠳᠬᠡᠯ ᠢᠶᠠᠷ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ︵ᠰᠦᠨ ᠶᠤᠸᠠᠢ ᠯᠦᠩ︶
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号