ᠮᠠᠨ ᠤ ᠬᠤᠲᠠ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠪᠤᠶᠢᠯᠭᠠᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠢᠯ ᠢ ᠯᠠᠪᠳᠠᠭᠤᠨ ᠢᠶᠠᠷ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/8/18
     ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠲᠠ ᠪᠡᠭᠡᠵᠢᠩ ᠬᠤᠲᠠ ᠪᠠ ᠮᠧᠨ ᠲᠧᠦ ᠭᠧᠦ ᠲᠣᠭᠤᠷᠢᠭ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠨᠡᠶᠢᠲᠡ 22 ᠭᠤᠶᠤᠴᠢᠯᠠᠨ ᠮᠡᠳᠡᠭᠦᠯᠵᠦ᠂ 4312.8 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠣᠯᠬᠤ ᠦᠴᠦᠸᠠᠨ ᠰᠢᠶᠠᠨ ᠢ ᠭᠤᠣᠯᠳᠠᠯᠭ᠎ᠠ ᠲᠠᠢ ᠳᠡᠮᠵᠢᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠣᠯᠠᠨ ᠨᠡᠶᠢᠲᠡ ᠶᠢᠨ ᠠᠵᠢᠯ ᠦᠢᠯᠡᠰ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠪᠡᠯᠡ ᠣᠷᠣᠭᠤᠯᠵᠤ᠂ ᠦᠴᠦᠸᠠᠨ ᠰᠢᠶᠠᠨ ᠤ 2 ᠲᠦᠮᠡ ᠭᠠᠷᠤᠢ ᠬᠥᠮᠥᠨ ᠳᠤ ᠠᠰᠢᠭ ᠬᠦᠷᠲᠡᠭᠡᠪᠡ᠃      ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠮᠠᠨ ᠤ ᠬᠤᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ᠂ ᠲᠥᠷᠥᠯ ᠵᠦᠢᠯ ᠤᠨ ᠬᠢᠨᠠᠨ ᠬᠠᠷᠭᠤᠭᠤᠯᠤᠯᠲᠠ᠂ ᠬᠢᠨᠠᠯᠲᠠ ᠪᠠᠶᠢᠴᠠᠭᠠᠯᠲᠠ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠳᠣᠪᠤᠶᠢᠯᠭᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠦᠯ ᠵᠦᠢᠯ ᠢ ᠲᠣᠭᠲᠠᠭᠤᠨ ᠢᠶᠠᠷ ᠨᠠᠶᠢᠳᠠᠪᠤᠷᠢᠵᠢᠭᠤᠯᠪᠠ᠄ ᠨᠢᠭᠡ ᠳᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ ᠬᠡᠷᠡᠭᠵᠢᠭᠦᠯᠬᠦ ᠨᠠᠷᠢᠨ ᠳᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠵᠢᠯᠴᠠᠭᠠᠨ ᠤ ᠲᠦᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ᠂ ᠪᠡᠯᠡ ᠮᠥᠩᠭᠦ ᠶᠢ ᠬᠡᠷᠡᠭᠯᠡᠬᠦ ᠴᠢᠭᠯᠡᠯ ᠢ ᠲᠣᠳᠣᠷᠬᠠᠶᠢᠯᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ ᠬᠡᠷᠡᠭᠯᠡᠬᠦ ᠪᠠ ᠲᠦᠷᠦᠯ ᠵᠦᠢᠯ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠵᠢᠯᠤᠭᠤᠳᠴᠤ᠂ ᠬᠠᠮᠵᠢᠯᠴᠠᠭᠠᠨ ᠤ ᠪᠡᠯᠡ ᠮᠥᠩᠭᠦ ᠶᠢᠨ ᠦᠷ᠎ᠡ ᠠᠰᠢᠭ ᠢ ᠦᠨᠡᠨᠬᠦ ᠰᠠᠶᠢᠲᠤᠷ ᠪᠠᠳᠠᠷᠠᠭᠤᠯᠬᠤ ᠳᠤ ᠪᠠᠲᠤᠯᠠᠭ᠎ᠠ ᠬᠠᠩᠭᠠᠪᠠ︔ ᠬᠤᠶᠠᠷ ᠲᠤ᠂ ᠲᠥᠷᠥᠯ ᠵᠦᠢᠯ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠤᠷᠢᠳᠴᠢᠯᠠᠨ ᠲᠥᠯᠥᠪᠯᠡᠵᠦ ᠰᠠᠶᠢᠲᠤᠷ ᠬᠢᠵᠦ᠂ ᠵᠢᠯ ᠪᠦᠷᠢ ᠶᠢᠨ 10 ᠳ᠋ᠤᠭᠠᠷ ᠰᠠᠷ᠎ᠠ ᠳᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠰᠢᠯᠢᠨ ᠰᠣᠩᠭᠤᠬᠤ ᠠᠵᠢᠯ ᠢ ᠡᠬᠢᠯᠡᠭᠦᠯᠵᠦ᠂ ᠳᠠᠷᠠᠭ᠎ᠠ ᠵᠢᠯ ᠤᠨ ᠲᠥᠷᠥᠯ ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠰᠣᠩᠭᠤᠨ ᠮᠡᠳᠡᠭᠦᠯᠦᠭᠰᠡᠨ ᠲᠥᠷᠥᠯ ᠵᠦᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠨᠤᠲᠠᠯᠠᠯᠲᠠ ᠬᠢᠵᠦ᠂ ᠲᠥᠷᠥᠯ ᠵᠦᠢᠯ ᠤᠨ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠣᠪᠣᠶᠢᠯᠭᠠᠪᠠ︔ ᠭᠤᠷᠪᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠥᠷᠥᠯ ᠵᠦᠢᠯ ᠢ ᠵᠠᠷᠯᠠᠨ ᠨᠡᠶᠢᠲᠡᠯᠡᠬᠦ ᠶᠢ ᠴᠢᠩᠳᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠮᠥᠷᠳᠡᠨ ᠬᠢᠨᠠᠨ ᠬᠡᠮᠵᠢᠬᠦ ᠪᠠ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠤᠨ᠂ ᠪᠡᠯᠡ ᠮᠥᠩᠭᠦ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠠᠮᠵᠢᠯᠴᠠᠭᠠᠨ ᠤ ᠪᠡᠯᠡ ᠮᠥᠩᠭᠦ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨᠬᠦ ᠪᠠᠲᠤᠯᠠᠪᠠ᠃      ᠣᠲᠣ ᠪᠣᠯᠲᠠᠯ᠎ᠠ᠂ ᠬᠠᠮᠵᠢᠯᠴᠠᠨ ᠬᠠᠪᠰᠤᠷᠤᠨ ᠲᠡᠳᠬᠦᠬᠦ 22 ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ᠂ ᠠᠵᠢᠯ ᠡᠬᠢᠯᠡᠭᠰᠡᠨ ᠨᠣᠷᠮ᠎ᠠ ᠨᠢ 100% ᠳᠤ ᠬᠦᠷᠴᠦ᠂ 2 ᠲᠥᠷᠥᠯ ᠵᠦᠢᠯ ᠨᠢ ᠨᠢᠭᠡᠨᠲᠡ ᠠᠵᠢᠯ ᠳᠠᠭᠤᠰᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号