ᠬᠥᠬᠡᠬᠤᠲᠠ ᠶᠢᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/2
ᠪᠣᠣ ᠭᠠᠩ ᠣᠷᠣᠯᠴᠠᠪᠠ      ︵ᠰᠤᠷᠪᠤᠯᠵᠢᠯᠠᠭᠴᠢ ᠶᠦᠨ ᠵᠢᠩ᠂ ᠯᠢᠦ ᠬᠤᠢ ᠬᠤᠶ︶ 8 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠠᠮᠧᠷᠢᠺᠠ ᠶᠢᠨ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠭᠤᠷᠪᠠᠳᠤᠭᠠᠷ ᠬᠦᠷᠢᠶᠡᠯᠡᠩ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ᠂ ᠡᠮᠦᠨᠡᠲᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠢ ᠬᠥᠬᠡᠬᠤᠲᠠ ᠳᠤ ᠤᠷᠢᠵᠤ᠂ ᠬᠠᠮᠲᠤᠪᠠᠷ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠤᠴᠢᠷ ᠢ ᠵᠥᠪᠯᠡᠵᠦ᠂ ᠬᠠᠮᠲᠤᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠰᠦᠪᠡᠭᠴᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠧᠨ ᠱᠢ ᠢ ᠠᠺᠠᠳᠧᠮᠢᠴᠢ᠂ ᠳ᠋ᠧᠩ ᠰᠢᠶᠣᠣ ᠭᠠᠩ ᠠᠺᠠᠳᠧᠮᠢᠴᠢ᠂ ᠸᠧᠢ ᠶᠤᠸᠠᠢ ᠭᠤᠸᠠᠩ ᠠᠺᠠᠳᠧᠮᠢᠴᠢ ᠪᠣᠯᠣᠨ ᠠᠮᠧᠷᠢᠺᠠ ᠶᠢᠨ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠵᠠᠩ ᠳ᠋ᠦᠩ ᠰᠢᠶᠣᠣ ᠠᠺᠠᠳᠧᠮᠢᠴᠢ ᠳᠤ ︽ᠬᠥᠬᠡᠬᠤᠲᠠ ᠶᠢᠨ ᠠᠵᠤ ᠦᠢᠯᠡᠰ ᠢ ᠰᠢᠯᠢᠳᠡᠭᠵᠢᠬᠦᠯᠵᠦ ᠲᠠᠰ ᠳᠡᠪᠰᠢᠭᠦᠯᠦᠨ ᠴᠢᠨᠠᠷ ᠰᠠᠶᠢᠲᠠᠢ ᠭᠦᠭᠵᠢᠬᠦᠯᠬᠦ ᠵᠥᠪᠯᠡᠭᠴᠢ︾ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠪᠡᠭᠡᠵᠢᠩ ᠶᠡᠭᠡ ᠰᠤᠷᠭᠠᠭᠤᠯᠢ ᠶᠢᠨ ᠡᠮᠬᠢᠭᠦᠢ ᠤᠷᠤᠰᠬᠠᠯ ᠪᠣᠯᠣᠨ ᠨᠠᠷᠢᠨ ᠪᠤᠳᠤᠯᠢᠶᠠᠨᠲᠠᠢ ᠰᠢᠰᠲ᠋ᠧᠮ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ︽ᠬᠥᠬᠡᠬᠤᠲᠠ ᠶᠢᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ︔ ᠪᠣᠣ ᠭᠠᠩ᠂ ᠴᠧᠨ ᠱᠢ ᠢ ᠬᠠᠮᠲᠤᠪᠠᠷ ᠪᠡᠭᠡᠵᠢᠩ ᠶᠡᠭᠡ ᠰᠤᠷᠭᠠᠭᠤᠯᠢ ᠶᠢᠨ ᠡᠮᠬᠢᠭᠦᠢ ᠤᠷᠤᠰᠬᠠᠯ ᠪᠣᠯᠣᠨ ᠨᠠᠷᠢᠨ ᠪᠤᠳᠤᠯᠢᠶᠠᠨᠲᠠᠢ ᠰᠢᠰᠲ᠋ᠧᠮ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠥᠬᠡᠬᠤᠲᠠ ᠶᠢᠨ ᠰᠤᠳᠤᠯᠭᠠᠨ ᠤ ᠰᠠᠭᠤᠷᠢᠨ ᠤ ᠫᠠᠶᠢᠰᠠ ᠶᠢ ᠰᠡᠬᠦᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠬᠢᠨ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠪᠠ᠃ ᠲᠣᠰ ᠤᠳᠠᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠭᠰᠠᠨ ᠨᠢ᠂ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠢᠷᠡᠭᠡᠳᠦᠢ ᠳᠤ᠂ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠭᠤᠣᠯ ᠳᠠᠶᠢᠨ ᠤ ᠲᠠᠯᠠᠪᠤᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ᠂ ᠪᠠᠷᠠᠭᠠᠯᠬᠢᠯᠠᠯ ᠤᠨ ᠴᠢᠨᠠᠷᠲᠠᠢ ᠮᠡᠷᠭᠡᠵᠢᠯ ᠤᠨ ᠰᠤᠳᠤᠯᠭᠠᠨ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠤᠶᠤᠨ ᠴᠢᠳᠠᠪᠤᠷᠢ ᠶᠢᠨ ᠳᠠᠪᠠᠭᠤᠯᠢᠭ ᠲᠤ ᠲᠦᠰᠢᠭᠯᠡᠨ᠂ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠪᠣᠯᠣᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠢ ᠬᠠᠮᠲᠤᠪᠠᠷ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠡᠬᠦ ︽ᠵᠠᠩᠭᠢᠯᠠᠭ᠎ᠠ ᠶᠢᠨ ᠬᠤᠪᠢᠰᠬᠤ ᠬᠡᠮᠵᠢᠭᠳᠡᠬᠦᠨ︾ ᠢ ᠮᠠᠨ ᠤ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ︽ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ︾ ᠪᠣᠯᠭᠠᠨ ᠬᠤᠪᠢᠷᠠᠭᠤᠯᠵᠤ᠂ ᠣᠷᠣᠨ ᠤ ᠲᠥᠪ ᠬᠤᠲᠠ ᠶᠢᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠬᠦ ᠪᠣᠯᠣᠨ᠎ᠠ᠃      ᠪᠡᠭᠡᠵᠢᠩ ᠶᠡᠭᠡ ᠰᠤᠷᠭᠠᠭᠤᠯᠢ ᠶᠢᠨ ᠡᠮᠬᠢᠭᠦᠢ ᠤᠷᠤᠰᠬᠠᠯ ᠪᠣᠯᠣᠨ ᠨᠠᠷᠢᠨ ᠪᠤᠳᠤᠯᠢᠶᠠᠨᠲᠠᠢ ᠰᠢᠰᠲ᠋ᠧᠮ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠯᠢ ᠼᠦᠨ ᠪᠢᠶᠣᠣ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠳᠠᠷᠤᠭ᠎ᠠ ᠯᠢᠦ ᠸᠧᠨ ᠵᠢᠶᠦ᠋ᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠵᠤᠤ ᠶᠦᠩ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠳᠤᠭᠠᠷ ᠬᠦᠷᠢᠶᠡᠯᠡᠩ ᠤᠨ ᠰᠠᠨᠰᠠᠷ ᠣᠭᠲᠠᠷᠭᠤᠢ ᠶᠢᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠭᠤᠸᠠᠨ ᠴᠧᠩ ᠴᠢ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠧᠢ᠂ ᠵᠠᠩ ᠶᠦᠩ ᠸᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号