ᠲᠥᠪ ᠤᠨ ᠡᠳ᠋ ᠤᠨ ᠵᠠᠰᠠᠭ ᠠᠴᠠ ᠮᠠᠨ ᠤ ᠬᠤᠲᠠ ᠶᠢᠨ ︽ᠬᠠᠶᠢᠮᠢᠶᠠᠨ ᠬᠤᠲᠠ︾ ᠶᠢᠨ 2022 ᠣᠨ ᠤ ᠪᠦᠲᠦᠭᠡᠨ ᠪᠠᠶᠢᠭᠤᠯᠤᠯᠲᠠ ᠳᠤ 30000 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2022/8/2
     ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠲᠥᠪ ᠤᠨ ᠡᠳ᠋ ᠤᠨ ᠵᠠᠰᠠᠭ ᠠᠴᠠ ᠮᠠᠨ ᠤ ᠬᠤᠳᠠ ᠶᠢᠨ ︽ᠬᠠᠶᠢᠮᠢᠶᠠᠨ ᠬᠤᠳᠠ︾ ᠶᠢᠨ 2022 ᠣᠨ ᠤ ᠪᠦᠲᠦᠭᠡᠨ ᠪᠠᠶᠢᠭᠤᠯᠤᠯᠲᠠ ᠳᠤ 30000 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠵᠤ᠂ ᠬᠤᠳᠠ ᠶᠢᠨ ᠬᠤᠭᠤᠯᠠᠢ ᠶᠢᠨ ᠲᠣᠣᠷ ᠵᠢᠴᠢ ᠪᠣᠬᠢᠷ ᠤᠰᠤ ᠶᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠂ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ︽ᠬᠠᠶᠢᠮᠢᠶᠠᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ 1500 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠣᠯᠵᠤ᠂ ︽ᠬᠠᠶᠢᠮᠢᠶᠠᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠦᠷᠦᠯ ᠵᠦᠢᠯ ᠢ ᠰᠢᠰᠲ᠋ᠧᠮᠵᠢᠭᠦᠯᠦᠨ ᠪᠦᠬᠦ ᠣᠷᠣᠨ ᠪᠦᠰᠡ ᠳᠤ ᠠᠬᠢᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠬᠤᠲᠠ ᠶᠢᠨ ︽ᠬᠠᠶᠢᠮᠢᠶᠠᠨ ᠴᠣᠭᠴᠠ︾ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠤᠲᠠ ᠶᠢᠨ ᠵᠠᠮ᠂ ᠪᠣᠬᠢᠷ ᠤᠰᠤᠨ ᠤ ᠲᠥᠬᠦᠭᠡᠷᠦᠮᠵᠢ ᠶᠢ ᠬᠠᠮᠠᠭᠠᠯᠠᠬᠤ᠂ ᠵᠢᠵᠢᠭ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ᠂ ᠬᠤᠲᠠ ᠶᠢᠨ ᠰᠠᠭᠤᠷᠢ ᠲᠥᠬᠦᠭᠡᠷᠦᠮᠵᠢ ᠪᠠ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠣᠯᠠᠨ ᠬᠦᠷᠢᠶᠡᠨ ᠳᠤ ︽ᠬᠤᠯᠪᠤᠭᠠᠯᠠᠨ ᠬᠦᠴᠦᠯᠡᠵᠦ︾᠂ ᠲᠥᠷᠥᠯ ᠵᠦᠢᠯ ᠢᠶᠠᠷ ᠠᠴᠢᠶᠠᠯᠠᠪᠤᠷᠢ ᠪᠣᠯᠭᠠᠨ᠂ ︽ᠬᠠᠶᠢᠮᠢᠶᠠᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠭᠦᠨᠵᠡᠭᠡᠶᠢᠷᠡᠨ ᠠᠬᠢᠬᠤ ᠶᠢ ᠲᠦᠷᠭᠡᠳᠬᠡᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ 3 ᠵᠢᠯ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ ᠳᠡᠮᠵᠢᠨ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠵᠢᠴᠢ ᠭᠠᠵᠠᠷ ᠳᠣᠣᠷᠠᠬᠢ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠣᠷᠣᠨ ᠵᠠᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠤᠨ᠂ ︽ᠬᠠᠶᠢᠮᠢᠶᠠᠨ ᠬᠤᠲᠠ︾ ᠶᠢᠨ ᠣᠨᠣᠯᠵᠢᠬᠤᠨ ᠢ ᠪᠥᠬᠦ ᠲᠠᠯ᠎ᠠ ᠪᠠᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠳᠤᠯ ᠦᠭᠡᠢ ᠬᠤᠲᠠ ᠶᠢ ᠪᠦᠲᠦᠭᠡᠨ ᠪᠠᠶᠢᠭᠤᠯᠬᠤ ᠳᠤ ᠨᠥᠬᠦᠴᠡᠯ ᠪᠦᠷᠢᠯᠳᠦᠭᠦᠯᠵᠦ᠂ ᠮᠠᠨ ᠤ ᠬᠤᠲᠠ ᠶᠢᠨ ︽ᠬᠠᠶᠢᠮᠢᠶᠠᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号