ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ | ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ | ᠡᠷᠬᠢᠯᠡᠭᠴᠢ ᠯᠢ ᠪᠢᠨ᠂ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ | ᠬᠠᠮᠢᠶᠠᠷᠤᠭᠴᠢ᠄ ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ | ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ | ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ | ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ ᠳᠡᠭᠡᠷ᠎ᠡ ᠬᠠᠭᠠᠰ ᠵᠢᠯ ᠢ ᠡᠷᠬᠢᠴᠡᠭᠦᠯᠬᠦ ᠳᠤ᠂ ᠪᠦᠬᠦ ᠤᠯᠤᠰ ᠤᠨ ᠠᠵᠤ ᠠᠬᠤᠢ ᠴᠥᠮ | ᠨᠡᠯᠢᠶᠡᠳ ᠶᠡᠭᠡ ᠪᠠᠭᠤᠷᠠᠬᠤ ᠳᠠᠷᠤᠯᠲᠠ ᠳᠤ ᠲᠤᠯᠭᠠᠷᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠡᠶᠢᠮᠦᠷᠬᠦᠦ | ᠪᠠᠶᠢᠳᠠᠯ ᠤᠨ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠮᠠᠨ ᠤ ᠬᠤᠲᠠ ᠶᠢᠨ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠣᠳᠣᠬᠠᠨ ᠳᠤ᠂ ᠳᠡᠭᠡᠷ᠎ᠡ ᠬᠠᠭᠠᠰ | ᠵᠢᠯ ᠤᠨ ᠡᠯ᠎ᠡ ᠵᠦᠢᠯ ᠤᠨ ᠲᠤᠭ᠎ᠠ ᠪᠠᠷᠢᠮᠲᠠ ᠶᠢ ᠨᠢᠭᠡᠨᠲᠡ ᠨᠡᠶᠢᠲᠡᠯᠡᠯ᠎ᠡ᠂ ᠮᠠᠨ ᠤ ᠬᠤᠲᠠ ᠶᠢᠨ ᠠᠵᠤ ᠠᠬᠤᠢ ᠶᠢᠨ | ᠠᠵᠢᠯᠯᠠᠭᠠᠨ ᠨᠢ ᠶᠠᠮᠠᠷᠰᠢᠤ ︽ᠬᠢᠷᠢ ᠪᠦᠲᠦᠮᠵᠢ ᠶᠢᠨ ᠬᠠᠭᠤᠳᠠᠰᠤ︾ ᠶᠢ ᠲᠤᠰᠢᠶᠠᠭᠰᠠᠨ ᠪᠤᠶ︖ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠢ ᠬᠡᠷᠬᠢᠨ ᠠᠬᠢᠭᠤᠯᠤᠭᠰᠠᠨ ᠪᠤᠢ︖ | ᠬᠥᠲᠥᠯᠥᠭᠴᠢ᠄ ᠶᠠᠭᠤᠨ ᠤ ᠡᠮᠦᠨ᠎ᠡ ᠳᠡᠭᠡᠷ᠎ᠡ ᠬᠠᠭᠠᠰ ᠵᠢᠯ ᠤᠨ ᠪᠦᠬᠦ ᠬᠤᠲᠠ ᠶᠢᠨ ᠠᠵᠤ ᠠᠬᠤᠢ ᠶᠢᠨ | ᠠᠵᠢᠯᠯᠠᠭᠠᠨ ᠤ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ᠃ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ | ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠄ | ᠡᠨᠡ ᠵᠢᠯ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ︾ ᠶᠡᠷᠦᠩᠬᠡᠢ ᠱᠠᠭᠠᠷᠳᠠᠯᠭ᠎ᠠ ᠶᠢ ᠳᠤᠷᠠᠳᠤᠨ | ᠭᠠᠷᠭᠠᠵᠤ᠂ ︽ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ︾ ᠶᠢ 2022 ᠣᠨ ᠤ ᠠᠵᠤ ᠠᠬᠤᠢ ᠶᠢᠨ ᠠᠵᠢᠯ ᠤᠨ | ︽ᠶᠡᠷᠦᠩᠬᠡᠢ ᠬᠥᠭ ᠠᠶᠠᠰ︾ ᠪᠣᠯᠭᠠᠪᠠ᠃ | ᠳᠡᠭᠡᠷ᠎ᠡ ᠬᠠᠭᠠᠰ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠤᠷᠸ᠎ᠠ ᠪᠠᠶᠢᠳᠠᠯ ᠪᠠ ᠬᠢᠵᠢᠭ ᠤᠨ | ᠪᠠᠶᠢᠳᠠᠯ ᠣᠯᠠᠨ ᠡᠭᠦᠰᠦᠭᠰᠡᠨ ᠳᠠᠭᠠᠷᠢᠯᠲᠠ ᠶᠢᠨ ᠡᠮᠦᠨ᠎ᠡ᠂ ᠮᠠᠨ ᠤ ᠬᠤᠲᠠ ︽ᠠᠵᠤ ᠠᠬᠤᠢ ᠶᠢ ᠲᠣᠭᠲᠠᠭᠤᠨ | ᠪᠠᠶᠢᠯᠭᠠᠬᠤ︾ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠭᠦᠢᠴᠡᠳᠬᠡᠯ ᠲᠤᠭ᠎ᠠ ᠶᠢᠨ ᠠᠵᠢᠯᠯᠠᠭᠠᠨ ᠢ | ᠠᠳᠬᠤᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠤᠨ ᠬᠥᠭᠵᠢᠯᠲᠡ ᠶᠢ ᠠᠳᠬᠤᠬᠤ᠂ ᠠᠵᠤ | ᠠᠬᠤᠶᠢᠯᠠᠯ ᠤᠨ ᠪᠠᠲᠤᠯᠠᠭ᠎ᠠ ᠶᠢ ᠠᠳᠬᠤᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ | ᠳᠠᠷᠤᠯᠲᠠ ᠶᠢ ᠳᠠᠭᠠᠭᠠᠵᠤ᠂ ᠦᠷᠭᠦᠯᠵᠢᠯᠡᠨ ᠬᠦᠴᠦᠯᠡᠪᠡ᠃ ᠨᠢᠭᠡᠳᠦᠭᠡᠷ ᠤᠯᠠᠷᠢᠯ ᠳᠤ ︽ᠲᠣᠭᠲᠠᠭᠤᠨ ᠢᠶᠠᠷ ᠡᠬᠢᠯᠡᠵᠦ | ︾᠂ 4 ᠳ᠋ᠤᠭᠡᠷ ᠰᠠᠷ᠎ᠠ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ︽ᠪᠠᠭᠤᠷᠠᠭᠰᠠᠨ︾ ᠪᠠᠶᠢᠳᠠᠯ | ᠢᠯᠡᠷᠡᠵᠦ᠂ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠳᠤ ᠬᠡᠰᠡᠭ ᠭᠦᠢᠴᠡᠳᠬᠡᠯ ᠲᠤᠭ᠎ᠠ ︽ᠲᠣᠭᠲᠠᠭᠤᠨ ᠢᠶᠠᠷ | ᠳᠡᠭᠡᠭᠰᠢᠯᠡᠬᠦ︾ ᠶᠢ ᠪᠡᠶᠡᠯᠡᠭᠦᠯᠪᠡ᠃ ᠭᠦᠢᠴᠡᠳᠬᠡᠯ ᠲᠤᠭ᠎ᠠ ᠶᠢ ᠬᠤᠪᠢᠶᠠᠵᠤ ᠦᠵᠡᠪᠡᠯ᠄ ᠳᠡᠭᠡᠷ᠎ᠡ ᠬᠠᠭᠠᠰ ᠵᠢᠯ ᠳᠤ᠂ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 1663.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠨᠡᠮᠡᠭᠳᠡᠯ ᠤᠨ ᠬᠠᠨᠳᠤᠰᠢ | ᠲᠣᠭᠲᠠᠭᠤᠨ ᠪᠠᠶᠢᠨ᠎ᠠ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠂ | ᠡᠭᠦᠨ ᠳᠤ ᠦᠶ᠋ᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠨᠡᠯᠢᠶᠡᠳ | ᠲᠦᠷᠭᠡᠨ ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 3.1% ᠨᠡᠮᠡᠭᠳᠡᠪᠡ᠃ | ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ | ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ | ᠠᠵᠢᠯ ᠵᠡᠷᠭᠡ ᠠᠵᠢᠯ ᠲᠥᠷᠥᠯ ᠤᠨ ᠳᠠᠶᠢᠴᠢᠯᠠᠯᠲᠠ ᠢᠯᠡᠳᠲᠡ ᠪᠠᠶᠢᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.8% ᠨᠡᠮᠡᠭᠳᠡᠪᠡ᠃ 27 ᠶᠡᠭᠡ ᠲᠦᠷᠦᠯ ᠤᠨ ᠠᠵᠢᠯ ᠲᠦᠷᠦᠯ ᠤᠨ ᠨᠡᠮᠡᠭᠳᠡᠯ ᠤᠨ | ᠬᠡᠪᠴᠢᠶ᠎ᠡ 55.6% ᠳᠤ ᠬᠦᠷᠴᠦ᠂ ᠡᠭᠦᠨ ᠤ ᠳᠣᠲᠣᠷ᠎ᠠ 8 ᠠᠵᠢᠯ ᠲᠦᠷᠦᠯ ︽ᠬᠤᠶᠠᠷ ᠣᠷᠣᠨᠲᠤ ᠲᠤᠭ᠎ᠠ︾ | ᠶᠢᠨ ᠨᠡᠮᠡᠭᠳᠡᠯ ᠢ ᠪᠡᠶᠡᠯᠡᠭᠦᠯᠪᠡ᠃ ᠬᠤᠸᠠ ᠶᠣᠣ ᠬᠡᠷᠡᠯ ᠴᠠᠬᠢᠯᠭᠠᠨ᠂ ᠱᠧᠩ ᠹᠠᠨ᠂ ᠵᠥᠩ ᠯᠢ ᠵᠡᠷᠭᠡ ᠰᠢᠨ᠎ᠡ ᠪᠠᠷ | ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.5% | ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ ᠭᠤᠣᠯ ᠲᠠᠲᠠᠬᠤ ᠬᠦᠴᠦᠨ ᠪᠣᠯᠵᠤ᠂ ᠪᠥᠬᠦ | ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 29.5% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9 ᠳᠠᠬᠢᠨ ᠨᠡᠮᠡᠭᠳᠡᠨ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ | 27.5 ᠵᠠᠭᠤᠨ ᠤ ᠨᠢᠭᠡᠴᠢ ᠳᠠᠶᠢᠴᠢᠯᠠᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ | ᠬᠦᠴᠦᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 486.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1% ᠪᠠᠭᠤᠷᠠᠪᠠ᠃ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ ᠤᠨ ᠪᠣᠷᠤᠯᠠᠭᠤᠯᠭ᠎ᠠ ᠶᠢᠨ ᠬᠡᠷᠡᠭᠯᠡᠭᠡ ᠳᠤ ᠦᠵᠡᠭᠦᠯᠦᠭᠰᠡᠨ ᠳᠠᠶᠢᠴᠢᠯᠠᠬᠤ ᠦᠢᠯᠡᠳᠦᠯ | ᠨᠡᠯᠢᠶᠡᠳ ᠶᠡᠭᠡ ᠪᠠᠶᠢᠵᠤ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠲᠣᠭᠲᠠᠭᠤᠨ ᠪᠠᠶᠢᠳᠠᠯ ᠢᠶᠠᠨ | ᠦᠷᠭᠦᠯᠵᠢᠯᠡᠨ ᠪᠠᠲᠤᠯᠠᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠪᠠ᠃ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 135.37 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠡᠮᠡᠭᠳᠡᠯ ᠦᠷᠳᠡᠭ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢᠨ ᠬᠦᠴᠦᠨ ᠵᠦᠢᠯ ᠢ | ᠬᠠᠰᠤᠪᠠᠯ 22% ᠢᠶᠠᠷ ᠨᠡᠮᠡᠭᠳᠡᠪᠡ᠃ | ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21595 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠡᠭᠦᠨ ᠳᠤ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27005 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠡᠢ᠃ ᠵᠠᠰᠠᠭ ᠵᠠᠬᠢᠷᠭᠠᠨ ᠤ ᠠᠵᠢᠯ | ᠦᠢᠯᠡᠰ ᠤᠨ ᠨᠢᠭᠡᠴᠡ ᠶᠢᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠤᠭᠰᠠᠨ ᠪᠠ ᠠᠵᠢᠯ ᠤᠨ ᠠᠮᠵᠢᠯᠲᠠ | ᠪᠦᠲᠦᠮᠵᠢ ᠶᠢᠨ ᠱᠠᠩᠨᠠᠯ ᠤᠨ ᠮᠥᠩᠭᠦ ᠣᠯᠭᠤᠭᠰᠠᠨ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠨᠢ ᠢᠯᠡᠷᠬᠡᠢ ᠪᠠᠶᠢᠨ᠎ᠠ᠃ ᠬᠦ᠋ᠳᠡᠭᠡ ᠲᠣᠰᠬᠤᠨ ᠤ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9742 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.4% ᠨᠡᠮᠡᠭᠳᠡᠪᠡ᠃ ᠡᠨᠡ ᠵᠢᠯ ᠤᠨ ᠠᠮᠤ ᠪᠤᠳᠠᠭᠠᠨ ᠤ ᠦᠨ᠎ᠡ ᠨᠡᠯᠢᠶᠡᠳ ᠥᠨᠳᠥᠷ᠂ | ᠲᠠᠷᠢᠮᠠᠯ ᠤᠨ ᠦᠷ᠎ᠡ ᠠᠰᠢᠭ ᠰᠠᠶᠢᠵᠢᠷᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ | ᠪᠣᠯᠤᠭᠰᠠᠨ ᠠᠴᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ | ᠪᠠᠶᠢᠨ᠎ᠠ᠃ | ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ᠂ ᠬᠡᠳᠦ᠋ᠢᠪᠡᠷ ᠪᠥᠬᠦ ᠬᠤᠲᠠ ᠶᠢᠨ ᠭᠤᠣᠯ | ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ ᠵᠢᠯ ᠤᠨ ᠡᠬᠢᠨ ᠤ ᠵᠢᠱᠢᠭᠰᠡᠨ ᠬᠠᠷᠠᠯᠲᠠ ᠪᠣᠯᠣᠨ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠲᠠᠢ ᠵᠣᠬᠢᠬᠤ ᠵᠥᠷᠢᠶ᠎ᠡ ᠲᠠᠢ ᠪᠠᠶᠢᠭᠰᠠᠨ ᠴᠤ ᠶᠡᠷᠦᠩᠬᠡᠢ ᠳᠡᠭᠡᠨ ᠪᠥᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠢᠯᠠᠩᠭᠤᠶ᠎ᠠ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠵᠡᠷᠭᠡ ᠵᠢᠱᠢᠯᠲᠡ ᠠᠴᠠ | ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢᠨ ᠳᠣᠣᠷ᠎ᠠ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ | ᠦᠨᠳᠦᠰᠦᠨ ᠳᠡᠭᠡᠨ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠨᠡᠶᠢᠴᠡᠵᠡᠢ᠃ | ᠬᠥᠲᠥᠯᠥᠭᠴᠢ᠄ ᠰᠠᠶ᠋ᠢ ᠲᠠᠨᠢᠯᠴᠠᠭᠤᠯᠤᠭᠰᠠᠨ ᠢᠶᠠᠷ ᠳᠠᠮᠵᠢᠭᠠᠳ ᠣᠯᠠᠨ ᠢᠶᠠᠷ ᠢᠶᠠᠨ ᠳᠡᠭᠡᠷ᠎ᠡ ᠬᠠᠭᠠᠰ ᠵᠢᠯ ᠤᠨ | ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠠᠢ ᠨᠢᠭᠡᠨ ᠶᠡᠷᠦᠩᠬᠡᠢ ᠴᠢᠨᠠᠷᠲᠠᠢ ᠣᠶᠢᠯᠠᠭᠠᠯᠲᠠ ᠲᠠᠢ | ᠪᠣᠯᠤᠯ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ | ᠠᠷᠭᠠᠴᠠᠬᠤ ᠶᠢᠨ ᠲᠥᠯᠥᠭᠡ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ | ᠵᠠᠯᠭᠠᠭ᠎ᠠ ᠪᠠᠷ ᠨᠡᠶᠢᠲᠡᠯᠡᠨ ᠬᠡᠷᠡᠭᠵᠢᠭᠦᠯᠦᠭᠰᠡᠨ ᠪᠠᠶᠢᠨ᠎ᠠ᠂ ᠲᠡᠭᠡᠪᠡᠯ ᠮᠠᠨ ᠤ ᠬᠤᠲᠠ ᠡᠨᠡ ᠵᠢᠯ ᠶᠠᠮᠠᠷ ᠶᠠᠮᠠᠷ | ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠪᠣᠶ︖ ᠡᠳᠡᠭᠡᠷ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠤ ᠦᠷ᠎ᠡ ᠳ᠋ᠦᠩ ᠨᠢ ᠶᠠᠮᠠᠷ ᠵᠡᠷᠭᠡ ᠪᠣᠢ︖ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠪᠢᠨ᠄ | | | | | ᠡᠨᠡ ᠵᠢᠯ᠂ ᠮᠠᠨ ᠤ ᠬᠤᠲᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠴᠢᠨᠠᠷ | ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠰᠢᠭᠲᠠᠢ ᠪᠠᠶᠢᠯᠭᠠᠬᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠶᠢ | ᠨᠡᠶᠢᠲᠡᠯᠡᠨ ᠬᠡᠷᠡᠭᠵᠢᠭᠦᠯᠪᠡ᠃ ᠵᠢᠱᠢᠶᠡᠯᠡᠪᠡᠯ᠂ ᠬᠢᠵᠢᠭ ᠤᠨ ᠪᠠᠶᠢᠳᠠᠯ ᠤᠨ ᠳᠤᠮᠳᠠ ᠵᠢᠵᠢᠭ ᠠᠵᠤ ᠠᠬᠤᠶᠢᠯᠠᠯ ᠳᠤ | ᠦᠵᠡᠭᠦᠯᠬᠦ ᠳᠠᠭᠠᠷᠢᠯᠲᠠ ᠶᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ ︽ᠬᠢᠵᠢᠭ ᠤᠨ ᠪᠠᠶᠢᠳᠠᠯ ᠤᠨ ᠨᠥᠯᠥᠭᠡ ᠶᠢ | ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ | ᠬᠡᠮᠵᠢᠶ᠎ᠡ ᠨᠦᠭᠦᠳ︾ ᠢ ᠨᠡᠶᠢᠲᠡᠯᠡᠪᠡ︔ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ᠂ ︽ᠥᠪᠡᠷᠲᠡᠭᠡᠨ | ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠨᠡᠶᠢᠲᠡ 9 ᠵᠦᠢᠯ ᠤᠨ | ᠠᠷᠭ᠎ᠠ ᠬᠡᠮᠵᠢᠶ᠎ᠡ ᠶᠢ ᠪᠠᠭᠲᠠᠭᠠᠪᠠ︔ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠢ | ᠬᠤᠷᠠᠯᠳᠤᠭᠤᠯᠵᠤ᠂ ︽ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 57 ᠵᠤᠷᠪᠤᠰ︾ ︽ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 55 ᠵᠤᠷᠪᠤᠰ︾ ᠢ ᠨᠡᠶᠢᠲᠡᠯᠡᠪᠡ︔ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠯᠠᠪᠳᠠᠭᠤᠨ ᠪᠠᠲᠤᠳᠠᠢ ᠲᠤᠭᠲᠠᠭᠤᠨ ᠪᠠᠶᠢᠯᠭᠠᠬᠤ | ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠥᠯᠢᠶᠡᠨ ᠠᠪᠴᠤ ᠨᠠᠶᠢᠳᠠᠪᠤᠷᠢᠵᠢᠭᠤᠯᠬᠤ ᠶᠢᠨ | ᠲᠥᠯᠥᠭᠡ᠂ ᠪᠣᠳᠠᠲᠤ ᠪᠠᠶᠢᠳᠠᠯ ᠢᠶᠠᠨ ᠦᠨᠳᠦᠰᠦᠯᠡᠨ ︽ᠬᠥᠬᠡᠬᠤᠲᠠ ᠶᠢᠨ ᠠᠵᠤ ᠠᠬᠤᠢ ᠶᠢ ᠯᠠᠪᠳᠠᠭᠤᠨ ᠪᠠᠲᠤᠲᠠᠢ | ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠵᠤᠷᠪᠤᠰ ᠳᠠᠷᠠᠭᠠᠯᠠᠨ | ᠨᠠᠷᠢᠯᠢᠭᠵᠢᠭᠤᠯᠤᠨ ᠲᠣᠭᠲᠠᠭᠠᠵᠤ᠂ ᠵᠢᠷᠭᠤᠭᠠᠨ ᠶᠡᠭᠡ ᠲᠠᠯ᠎ᠠ ᠶᠢᠨ 43 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ | ᠬᠠᠮᠤᠷᠪᠠ᠃ ᠡᠲᠡᠭᠡᠷ ᠲᠥᠷᠥ ᠶᠢᠨ ᠪᠣᠳᠣᠯᠭ᠎ᠠ ᠨᠢ ︽ᠬᠠᠨᠳᠤᠯᠭᠠᠲᠤ ᠴᠢᠨᠠᠷ︾ ᠢᠶᠠᠷ ᠴᠢᠩᠭ᠎ᠠ᠂ ︽ᠬᠤᠯᠪᠣᠭᠳᠠᠬᠤ | ᠲᠠᠯ᠎ᠠ︾ ᠨᠢ ᠥᠷᠭᠡᠨ ᠪᠠᠶᠢᠵᠤ᠂ ᠪᠤᠳᠠᠳᠠᠢ ᠠᠷᠭ᠎ᠠ ᠭᠡᠮᠵᠢᠶ᠎ᠡ ᠪᠠᠷ ᠳᠦᠭᠦᠷᠡᠩ᠂ ᠬᠢᠯᠠᠰ ᠴᠡᠭ ᠨᠢ ᠣᠯᠠᠨ᠂ ᠵᠢᠩᠬᠢᠨᠢ | ᠦᠨ᠎ᠡ ᠴᠠᠨ᠎ᠠ ᠪᠠᠷ ᠭᠦᠢᠴᠡᠳ ᠭᠡᠵᠦ ᠬᠡᠯᠡᠵᠦ ᠪᠣᠯᠣᠨ᠎ᠠ᠃ | ᠡᠭᠦᠨ ᠤ ᠵᠡᠷᠭᠡᠪᠡᠷ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢᠨ ᠲᠤᠰᠠ ᠶᠢ ᠲᠦᠷᠭᠡᠨ ᠦᠵᠡᠭᠦᠯᠬᠦ ᠶᠢ ᠠᠬᠢᠭᠤᠯᠬᠤ ᠶᠢᠨ ᠲᠤᠰᠠᠳᠠ ᠪᠢᠳᠡ ᠨᠢᠭᠡ ᠳᠤ | ᠲᠥᠷᠥ ᠶᠢᠨ ᠪᠣᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠦᠴᠦᠯᠡᠴᠡ ᠪᠠᠨ ᠨᠡᠮᠡᠭᠳᠡᠭᠦᠯᠪᠡ᠃ ᠲᠣᠮᠣ | ᠵᠠᠭᠤᠴᠢᠯᠠᠭᠤᠷ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠤᠬᠠᠭᠤᠯᠵᠤ᠂ ᠨᠡᠶᠢᠭᠡᠮ ᠤᠨ ︽ | ᠨᠥᠯᠥᠭᠡᠯᠡᠬᠦ ᠬᠦᠴᠦᠨ︾ ᠪᠠ ᠣᠯᠠᠨ ᠲᠦᠮᠡᠨ ᠤ ︽ᠮᠡᠳᠡᠬᠦ ᠨᠣᠷᠮ᠎ᠠ︾ ᠶᠢ ᠳᠡᠭᠡᠭᠰᠢᠯᠡᠭᠦᠯᠵᠦ᠂ ᠬᠥᠮᠥᠰ ᠲᠤ | ᠦᠨᠡᠨᠬᠦ ᠪᠣᠳᠠᠲᠤ ᠠᠰᠢᠭ ᠬᠦᠷᠲᠡᠭᠡᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠨᠠᠷᠢᠯᠢᠭᠵᠢᠭᠤᠯᠬᠤ ᠠᠵᠢᠯ ᠢ ᠰᠠᠶᠢᠳᠤᠷ ᠬᠢᠪᠡ᠃ ᠡᠯ᠎ᠡ ᠰᠠᠯᠠᠭ᠎ᠠ ᠮᠥᠴᠢᠷ ᠤᠨ ᠬᠢᠨ ᠴᠥᠮ | ᠨᠠᠶᠢᠳᠠᠪᠤᠷᠢᠵᠢᠭᠤᠯᠤᠯᠲᠠ ᠶᠢᠨ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ᠂ ᠬᠡᠷᠡᠭᠵᠢᠭᠦᠯᠬᠦ ᠨᠠᠷᠢᠨ ᠳᠦᠷᠢᠮ ᠢ | ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠲᠣᠬᠢᠷᠠᠬᠤ ᠬᠡᠪᠴᠢᠶ᠎ᠡ᠂ ᠡᠳ᠋ᠯᠡᠬᠦ ᠨᠥᠬᠦᠴᠡᠯ ᠪᠠ ᠭᠦᠢᠴᠡᠳᠬᠡᠬᠦ | ᠶᠠᠪᠤᠴᠠ ᠶᠢ ᠲᠣᠳᠣᠷᠬᠠᠶᠢᠯᠠᠵᠤ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ | ᠳᠡᠭᠡᠭᠰᠢᠯᠡᠭᠦᠯᠪᠡ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠬᠤ ᠪᠠᠨ | ᠴᠢᠩᠭᠠᠳᠬᠠᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠬᠢᠷᠠᠭᠤᠯᠤᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠬᠡ ᠲᠠᠩᠰᠠ ᠪᠠᠶᠢᠭᠤᠯᠤᠨ᠂ ᠵᠤᠷᠪᠤᠰ ᠳᠠᠷᠠᠭᠠᠯᠠᠨ ᠮᠥᠷᠳᠡᠵᠦ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ | ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠠ᠃ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ ᠪᠠ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠠᠷᠢᠭᠤ ᠲᠤᠰᠬᠠᠯ ᠠᠴᠠ ᠦᠵᠡᠪᠡᠯ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ | ᠦᠷ᠎ᠡ ᠪᠦᠲᠦᠮᠵᠢ ᠤᠯᠠᠮ ᠢᠶᠠᠷ ᠢᠯᠡᠷᠡᠨ ᠭᠠᠷᠴᠤ ᠪᠠᠶᠢᠨ᠎ᠠ᠃ ᠨᠢᠭᠡ ᠳᠤ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ 6 ᠳ᠋ᠤᠭᠠᠷ ᠰᠠᠷ᠎ᠠ ᠶᠢᠨ | ᠡᠴᠦᠰ ᠪᠣᠯᠲᠠᠯ᠎ᠠ᠂ ᠪᠥᠬᠦ ᠬᠤᠲᠠ ᠳᠤ ᠨᠡᠶᠢᠲᠡ 8345 ᠡᠷᠦᠬᠡ ︵ᠤᠳᠠᠭ᠎ᠠ︶ ᠶᠢᠨ ᠨᠡᠮᠡᠭᠳᠡᠯ ᠥᠷᠲᠡᠭ ᠤᠨ | ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠬᠤ ᠶᠢ ᠬᠢᠨᠠᠨ ᠵᠥᠪᠰᠢᠶᠡᠷᠡᠵᠦ᠂ ᠬᠠᠷᠭᠤᠭᠤᠯᠤᠨ | ᠵᠦᠪᠰᠢᠶᠡᠷᠡᠵᠦ ᠪᠤᠴᠠᠭᠠᠭᠰᠠᠨ ᠭᠠᠶᠢᠯᠢ 44.93 ᠳ᠋ᠦᠩᠰᠢᠭᠤᠷ ᠲᠥᠭᠦᠷᠢᠭ ᠲᠤ ᠬᠦᠷᠴᠡᠢ᠃ ᠠᠵᠢᠯ ᠠᠯᠳᠠᠯᠲᠠ ᠶᠢᠨ | ᠳᠠᠭᠠᠳᠬᠠᠯ ᠤᠨ ᠵᠠᠷᠤᠳᠠᠯ ᠢ ᠪᠤᠴᠠᠭᠠᠵᠤ ᠥᠭᠬᠦ᠂ ᠠᠵᠢᠯ ᠤᠨ ᠪᠠᠶᠢᠷᠢ ᠳᠠᠭᠠᠨ ᠦᠯᠡᠳᠡᠭᠰᠡᠨ ᠠᠵᠢᠯᠲᠠᠨ ᠤ | ᠪᠣᠯᠪᠠᠰᠤᠷᠠᠭᠤᠯᠤᠯ ᠤᠨ ᠨᠥᠬᠦᠪᠦᠷᠢ ᠥᠭᠬᠦ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠥᠭᠬᠦ᠂ ᠤᠰᠤ | ᠴᠠᠬᠢᠯᠭᠠᠨ ᠬᠡᠢ ᠶᠢᠨ ᠭᠡᠷ᠎ᠡ ᠠᠴᠠ ᠵᠥᠷᠢᠴᠡᠭᠰᠡᠨ ᠰᠦᠢᠳᠬᠡᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠡᠷ | ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠵᠡᠷᠭᠡ ᠠᠯᠢ ᠣᠯᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠯᠡᠵᠦ᠂ ᠨᠡᠶᠢᠲᠡ 16511 ᠠᠵᠤ ᠠᠬᠤᠶᠢᠯᠠᠯ᠂ 32.4 ᠲᠦᠮᠡᠨ ᠠᠵᠢᠯᠲᠠᠨ ᠠᠵᠢᠯᠴᠢᠨ ᠳᠤ | ᠠᠰᠢᠭ ᠬᠦᠷᠲᠡᠭᠡᠵᠦ᠂ ᠬᠤᠯᠪᠣᠭᠳᠠᠭᠰᠠᠨ ᠪᠡᠯᠡ ᠮᠥᠩᠭᠦ ᠨᠢ 4.1 ᠳ᠋ᠦᠩᠰᠢᠭᠤᠷ ᠲᠥᠭᠦᠷᠢᠭ ᠲᠤ ᠬᠦᠷᠴᠡᠢ᠃ ︽ | ᠪᠠᠲᠤᠯᠠᠭᠠᠲᠤ ᠵᠢᠭᠡᠯᠡᠯᠭᠡ︾᠂ ᠦᠢᠯᠡᠰ ᠴᠣᠭᠴᠠᠯᠠᠬᠤ ᠳᠠᠭᠠᠭᠠᠯᠲᠠ ᠪᠠᠷ ᠳᠠᠮᠵᠢᠭᠤᠯᠤᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ 4.5 ᠳ᠋ᠦᠩᠰᠢᠭᠤᠷ ᠲᠥᠭᠦᠷᠢᠭ ᠰᠢᠢᠳᠪᠦᠷᠢᠯᠡᠵᠦ ᠥᠭᠪᠡ᠃ | ᠠᠩᠬᠠᠨ ᠤ ᠪᠦᠯᠦᠭ ᠤᠨ ︽ᠰᠦ ᠶᠢᠨ ᠦᠢᠯᠡᠰ ᠤᠨ ᠬᠦᠭᠵᠢᠯᠲᠡ ᠶᠢ ᠳᠡᠮᠵᠢᠬᠦ ᠶᠢᠰᠦᠨ ᠵᠤᠷᠪᠤᠰ︾ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠷᠣᠨ | ᠬᠤᠲᠠ ᠶᠢᠨ ᠪᠡᠯᠡ ᠮᠥᠩᠭᠦ ᠶᠢ ᠨᠡᠶᠢᠲᠡ 6 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠳᠡᠭᠡᠷ᠎ᠡ ᠬᠠᠭᠠᠰ ᠵᠢᠯ ᠳᠤ᠂ | ᠲᠠᠩᠰᠠᠨ ᠳᠤ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ 34 ᠲᠦᠮᠡ ᠳᠤ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6000 ᠭᠠᠷᠤᠢ ᠨᠡᠮᠡᠭᠳᠡᠵᠡᠢ᠃ ᠬᠤᠶᠠᠷ ᠲᠤ ᠬᠡᠷᠡᠭᠴᠡᠭᠡ ᠱᠠᠭᠠᠷᠳᠠᠯᠭ᠎ᠠ ᠶᠢᠨ ᠳᠠᠯᠳᠠ | ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠪᠡᠯᠡ ᠣᠷᠣᠭᠤᠯᠤᠯᠲᠠ ᠶᠢᠨ ᠲᠠᠯ᠎ᠠ ᠪᠠᠷ᠂ ᠳᠡᠭᠡᠷ᠎ᠡ ᠬᠠᠭᠠᠰ | ᠵᠢᠯ ᠳᠤ᠂ ᠪᠥᠬᠦ ᠬᠤᠲᠠ ᠶᠢᠨ ᠠᠷᠠᠳ ᠤᠨ ᠪᠡᠯᠡ ᠣᠷᠣᠭᠤᠯᠤᠯᠲᠠ 29.3% ᠨᠡᠮᠡᠭᠳᠡᠵᠦ᠂ ᠪᠥᠬᠦ ᠪᠡᠯᠡ | ᠣᠷᠣᠭᠤᠯᠤᠯᠲᠠ ᠶᠢᠨ 50.7% ᠶᠢ ᠡᠵᠡᠯᠡᠪᠡ᠂ ᠡᠭᠦᠨ ᠳᠤ ᠦᠢᠯᠡᠳᠬᠦ ᠦᠢᠯᠡᠰ ᠤᠨ ᠠᠷᠠᠳ ᠤᠨ ᠪᠡᠯᠡ | ᠣᠷᠣᠭᠤᠯᠤᠯᠲᠠ 42.0% ᠨᠡᠮᠡᠭᠳᠡᠪᠡ᠃ ᠬᠡᠷᠡᠭᠯᠡᠭᠡᠨ ᠤ ᠲᠠᠯ᠎ᠠ ᠪᠠᠷ᠂ ᠵᠢᠵᠢᠭᠯᠡᠨ ᠬᠤᠳᠠᠯᠳᠤᠬᠤ᠂ ᠢᠳᠡᠭᠡᠨ | ᠤᠮᠳᠠᠭᠠᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠬᠡᠷᠡᠭᠰᠡᠯ᠂ ᠪᠣᠯᠪᠠᠰᠤᠷᠠᠭᠤᠯᠤᠭᠰᠠᠨ | ᠴᠢᠯᠠᠭᠤᠨ ᠲᠣᠰᠣ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ 7 ᠡᠭᠡᠯᠵᠢ ᠶᠢᠨ | ᠨᠡᠶᠢᠲᠡ 2500 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ | ᠲᠠᠷᠬᠠᠭᠠᠵᠤ᠂ 4 ᠳ᠋ᠦᠩᠰᠢᠭᠤᠷ ᠰᠢᠬᠠᠮ ᠲᠥᠭᠦᠷᠢᠭ ᠤᠨ ᠬᠡᠷᠡᠭᠯᠡᠭᠡ ᠶᠢ ᠰᠢᠭᠤᠳ ᠳᠠᠶᠢᠴᠢᠯᠠᠪᠠ᠃ ᠬᠤᠳᠠᠯᠳᠤᠭᠠᠨ ᠤ | ᠬᠡᠲᠦ ᠳᠡᠯᠭᠡᠭᠦᠷ ᠢ ᠨᠡᠶᠢᠭᠡᠮ ᠲᠣᠭᠤᠷᠢᠭ ᠲᠤ ᠣᠷᠣᠭᠤᠯᠵᠤ ᠪᠣᠷᠤᠯᠠᠭᠤᠯᠭ᠎ᠠ ᠶᠢ ᠠᠬᠢᠭᠤᠯᠬᠤ ᠲᠣᠮᠣ ᠬᠡᠯᠪᠡᠷᠢ ᠶᠢᠨ | ᠠᠵᠢᠯᠯᠠᠭ᠎ᠠ ᠶᠢ 30 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ ︽ᠵᠠᠭᠤᠨ ᠠᠵᠤ ᠠᠬᠤᠶᠢᠯᠠᠯ ᠮᠢᠩᠭᠠᠨ | ᠳᠡᠯᠭᠡᠭᠦᠷ︾ ᠬᠤᠯᠪᠤᠭᠠᠯᠠᠨ ᠬᠥᠳᠡᠯᠦᠯᠴᠡᠵᠦ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 300 ᠲᠠᠯᠠᠪᠤᠷ | ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠦ᠂ 35 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ | ᠭᠠᠷ ᠳᠠᠮᠵᠢᠭᠰᠠᠨ ᠮᠠᠰᠢᠨ ᠲᠡᠷᠭᠡ ᠶᠢ ᠨᠡᠭᠦᠯᠭᠡᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠬᠦᠴᠦᠨ ᠦᠭᠡᠢ ᠪᠣᠯᠭᠠᠬᠤ ᠪᠠᠷ ᠳᠠᠮᠵᠢᠭᠤᠯᠤᠨ᠂ ᠫᠢᠺᠠ ᠲᠡᠷᠭᠡ ᠶᠢ ᠬᠤᠲᠠ ᠳᠤ ᠣᠷᠤᠭᠤᠯᠬᠤ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠬᠦ ᠠᠬᠢᠴᠠ ᠶᠢ | ᠲᠦᠷᠭᠡᠳᠬᠡᠨ ᠠᠬᠢᠭᠤᠯᠵᠤ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠲᠦᠷᠭᠡᠨ ᠰᠠᠶᠢᠵᠢᠷᠠᠬᠤ ᠶᠢ ᠠᠬᠢᠭᠤᠯᠪᠠ᠃ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠠᠯ᠎ᠠ ᠪᠠᠷ᠂ ᠮᠠᠨ ᠤ ᠬᠤᠲᠠ ᠶᠢᠨ ᠪᠠᠷᠠᠭᠠᠨ ᠤ ᠠᠷᠠᠯᠵᠢᠶ᠎ᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 99.3 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠨᠡᠮᠡᠭᠳᠡᠨ᠂ ᠪᠥᠬᠦ ᠣᠷᠣᠨ ᠤ ᠬᠢ ᠠᠴᠠ | 1.9 ᠵᠠᠭᠤᠨ ᠤ ᠨᠢᠭᠡᠴᠢ ᠥᠨᠳᠥᠷ᠂ ᠪᠥᠬᠦ ᠤᠯᠤᠰ ᠤᠨ ᠬᠢ ᠠᠴᠠ 9.8 ᠵᠠᠭᠤᠨ ᠤ ᠨᠢᠭᠡᠴᠢ ᠥᠨᠳᠥᠷ ᠪᠣᠯᠪᠠ︔ | ᠭᠠᠳᠠᠭᠠᠳᠤ ᠪᠡᠯᠡ ᠶᠢ 40570 ᠲᠦᠮᠡᠨ ᠳ᠋ᠣᠯᠯᠠᠷ ᠪᠣᠳᠠᠲᠠᠢ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ | 187 % ᠨᠡᠮᠡᠭᠳᠡᠨ᠂ ᠪᠥᠬᠦ ᠣᠷᠣᠨ ᠤ ᠶᠡᠷᠦᠩᠬᠡᠢ ᠬᠡᠮᠵᠢᠶ᠎ᠡ ᠶᠢᠨ 91% ᠶᠢ ᠡᠵᠡᠯᠡᠪᠡ᠃ | ᠬᠥᠲᠥᠯᠥᠭᠴᠢ᠄ ᠤᠯᠠᠨ ᠤ ᠮᠡᠳᠡᠭᠡᠵᠢ ᠪᠠᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠨᠥᠯᠥᠭᠡᠯᠡᠬᠦ ︽ᠵᠠᠩᠭᠢᠯᠠᠭ᠎ᠠ︾᠂ ᠮᠦᠨᠴᠦ ᠨᠡᠮᠡᠭᠳᠡᠯ ᠢ | ᠲᠣᠭᠲᠠᠪᠤᠷᠢᠵᠢᠭᠤᠯᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢᠨ ᠬᠦᠴᠦᠲᠡᠢ ᠲᠤᠯᠭᠠᠭᠤᠷᠢᠯᠠᠯ᠂ | ᠪᠦᠲᠦᠴᠡ ᠶᠢ ᠲᠣᠬᠢᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠠᠩᠭᠢᠯᠠᠭ᠎ᠠ ᠶᠢᠨ ᠠᠴᠢᠶᠠᠯᠠᠪᠤᠷᠢ | ᠮᠥᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡᠨ ᠳᠤ ᠡᠨᠡ ᠵᠢᠯ ᠪᠦᠬᠦ | ᠬᠤᠳᠠ ᠪᠠᠷ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠲᠥᠯᠥᠪᠵᠢᠭᠦᠯᠵᠦ | ᠠᠬᠢᠭᠤᠯᠤᠭᠰᠠᠨ ᠲᠤᠬᠠᠢ ᠲᠠᠨᠢᠯᠴᠠᠭᠤᠯᠤᠭᠠᠳ ᠦᠭᠭᠦᠨ᠎ᠡ ᠤᠤ᠃ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄ | | | | | ᠡᠨᠡ ᠵᠢᠯ ᠪᠥᠬᠦ ᠬᠤᠲᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ ᠭᠤᠣᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠵᠢᠭ ᠤᠨ ᠪᠠᠶᠢᠳᠠᠯ ᠤᠨ ᠨᠥᠯᠥᠭᠡ ᠶᠢ ᠠᠷᠢᠯᠭᠠᠬᠤ᠂ ᠠᠵᠤ | ᠠᠬᠤᠢ ᠶᠢ ︽ᠲᠣᠭᠲᠠᠭᠤᠨ ᠤ ᠳᠤᠮᠳᠠ ᠤᠷᠤᠭᠰᠢᠯᠠᠭᠤᠯᠬᠤ︾ ᠶᠢ ᠪᠡᠶᠡᠯᠡᠭᠦᠯᠬᠦ ᠲᠡᠷᠢᠭᠦᠨ ᠵᠡᠷᠭᠡ ᠶᠢᠨ ᠢᠨᠵᠧᠨᠧᠷᠢᠩ | ᠪᠣᠯᠭᠠᠨ ᠠᠳᠬᠤᠵᠤ᠂ ᠪᠠᠶᠢᠳᠠᠯ ᠢ ᠰᠥᠷᠦᠨ ᠤᠷᠤᠭᠰᠢᠯᠠᠵᠤ᠂ ᠭᠢᠯᠠᠰ ᠴᠡᠭ ᠤᠯᠠᠨᠲᠠᠢ ᠭᠡᠵᠦ ᠬᠡᠯᠡᠵᠦ ᠪᠣᠯᠤᠨ᠎ᠠ᠂ | ᠬᠤᠷᠢᠶᠠᠩᠭᠤᠶᠢᠯᠠᠪᠠᠯ ︽ᠬᠤᠶᠠᠷ ᠶᠡᠭᠡ᠂ ᠨᠢᠭᠡ ᠥᠷᠭᠡᠨ᠂ ᠨᠢᠭᠡ ᠣᠯᠠᠨ᠂ ᠨᠢᠭᠡ ᠬᠦᠴᠦᠷᠬᠡᠭ︾ ᠪᠣᠯᠣᠨ᠎ᠠ᠃ | ᠨᠢᠭᠡ ᠳᠤ᠂ ᠲᠦᠷᠦᠯ ᠵᠦᠢᠯ ᠤᠨ ᠬᠡᠪᠴᠢᠶ᠎ᠡ ︽ᠶᠡᠭᠡ︾᠃ ᠡᠨᠡ ᠵᠢᠯ ᠪᠥᠬᠦ ᠬᠤᠲᠠ ᠳᠤ 1042 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1232 ᠳ᠋ᠦᠩᠰᠢᠭᠤᠷ ᠲᠥᠭᠦᠷᠢᠭ ᠪᠡᠯᠡ | ᠣᠷᠤᠭᠤᠯᠬᠤ ᠪᠠᠷ ᠲᠦᠯᠦᠪᠯᠡᠵᠦ᠂ ᠲᠥᠷᠥᠯ ᠵᠦᠢᠯ ᠤᠨ ᠲᠤᠭ᠎ᠠ ᠪᠠ ᠪᠡᠯᠡ ᠣᠷᠣᠭᠤᠯᠤᠯᠲᠠ ᠶᠢᠨ ᠲᠤᠭ᠎ᠠ ᠨᠢ ᠴᠥᠮ | ᠮᠢᠩᠭ᠎ᠠ ᠶᠢ ᠳᠠᠪᠠᠭᠰᠠᠨ ᠪᠥᠭᠡᠳ ᠲᠤᠭ᠎ᠠ ᠬᠡᠮᠵᠢᠶ᠎ᠡ ᠨᠢ ᠨᠢᠳᠤᠨᠤᠨ ᠤ ᠬᠢ ᠠᠴᠠ 462 ᠨᠡᠮᠡᠭᠳᠡᠵᠦ᠂ ᠲᠦᠯᠦᠪᠯᠡᠭᠰᠡᠨ | ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 58% ᠪᠠᠷ ᠨᠡᠮᠡᠭᠳᠡᠨ᠂ ᠴᠥᠮ | ᠨᠢᠳᠤᠨᠤᠨ ᠤ ᠬᠢ ᠠᠴᠠ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠬᠤᠶᠠᠷ ᠲᠤ ᠠᠬᠢᠭᠤᠯᠤᠭᠰᠠᠨ ᠬᠦᠴᠦᠯᠡᠴᠡ ᠶᠡᠭᠡ ᠃ | ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ ᠵᠢᠴᠢ ᠤᠳᠤᠷᠢᠳᠤᠯᠭ᠎ᠠ ᠳᠠᠭᠠᠭᠠᠴᠢᠯᠠᠨ | ᠬᠠᠷᠢᠯᠴᠠᠬᠤ᠂ ᠵᠠᠷᠯᠠᠨ ᠮᠡᠳᠡᠭᠳᠡᠵᠦ ᠦᠨᠡᠯᠡᠬᠦ᠂ ᠮᠥᠷᠳᠡᠨ ᠦᠢᠯᠡᠴᠢᠯᠡᠬᠦ ᠵᠡᠷᠭᠡ ᠠᠯᠢ ᠣᠯᠠᠨ ᠬᠦᠴᠦᠲᠡᠢ ᠠᠷᠭ᠎ᠠ | ᠬᠡᠮᠵᠢᠶ᠎ᠡ ᠪᠠᠷ ᠳᠠᠮᠵᠢᠭᠤᠯᠤᠨ ᠳᠡᠭᠡᠷ᠎ᠡ ᠬᠠᠭᠠᠰ ᠵᠢᠯ ᠳᠤ᠂ ᠬᠡᠷᠡᠭᠵᠢᠬᠦᠯᠬᠦ ᠪᠠᠷ ᠲᠦᠯᠦᠪᠯᠡᠭᠰᠡᠨ 1042 ᠲᠦᠷᠦᠯ | ᠵᠦᠢᠯ ᠢ ᠪᠦᠬᠦᠨ ᠢ ᠠᠵᠢᠯ ᠡᠬᠢᠯᠡᠭᠦᠯᠦᠨ ᠠᠵᠢᠯ ᠰᠡᠷᠭᠦᠭᠡᠵᠦ᠂ 592 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ︽ᠴᠠᠭ ᠬᠠᠭᠠᠰ ᠠᠴᠠ ᠬᠡᠳᠦᠷᠡᠬᠦ ᠳᠤ ᠡᠭᠦᠷᠭᠡ ᠬᠠᠭᠠᠰ ᠠᠴᠠ ᠬᠡᠲᠦᠷᠡᠬᠦ︾ ᠶᠢ | ᠪᠡᠶᠡᠯᠡᠭᠦᠯᠪᠡ᠃ ᠭᠤᠷᠪᠠ ᠳᠤ᠂ ᠪᠠᠶᠢᠷᠢᠰᠢᠭᠤᠯᠤᠯᠲᠠ ᠶᠢᠨ ᠬᠦᠷᠢᠶ᠎ᠡ ᠬᠡᠪᠴᠢᠶ᠎ᠡ ︽ᠥᠷᠭᠡᠨ︾᠃ ᠠᠵᠤ ᠦᠢᠯᠡᠰ ᠤᠨ | ᠲᠠᠯ᠎ᠠ ᠪᠠᠷ᠂ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠬᠥᠲᠥᠴᠢ ᠠᠵᠤ ᠠᠬᠤᠶᠢᠯᠠᠯ ᠤᠨ ᠬᠡᠯᠬᠢᠶ᠎ᠡ | ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ ᠶᠠᠪᠤᠳᠠᠯ ᠢ ᠴᠢᠩᠭ᠎ᠠ ᠠᠩᠬᠠᠷᠴᠤ᠂ | ᠢᠯᠢ ᠶᠢᠨ ᠰᠢᠩᠭᠡᠨ ᠲᠤᠯᠤᠪᠲᠤ ᠰᠦ᠂ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠮᠧᠩ | ᠨᠢᠦ ᠶᠢᠨ ᠲᠣᠮᠣ ᠳᠣᠣᠷ᠎ᠠ ᠳᠤᠯᠠᠭᠠᠨ ᠤ ᠬᠡᠰᠡᠭ ᠵᠡᠷᠭᠡ ᠠᠵᠤ ᠦᠢᠯᠡᠰ ᠤᠨ ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠵᠦ᠂ ᠣᠲᠣ ᠪᠣᠯᠲᠠᠯ᠎ᠠ᠂ ᠪᠠᠶᠢᠭᠤᠯᠵᠤ ᠪᠠᠶᠢᠭ᠎ᠠ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ | 283 ᠪᠣᠯᠵᠤ᠂ 259 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠤ | ᠦᠢᠯᠡᠰ ᠤᠨ ᠪᠥᠭᠡᠮᠨᠡᠷᠡᠯ ᠤᠨ ᠳᠠᠶᠢᠴᠢᠯᠠᠬᠤ ᠬᠦᠴᠦᠨ ᠠᠯᠬᠤᠮ ᠠᠯᠬᠤᠮ ᠢᠶᠠᠷ ᠲᠣᠪᠤᠶᠢᠮ᠎ᠠ ᠪᠣᠯᠪᠠ︔ ᠰᠠᠭᠤᠷᠢ | ᠪᠡᠯᠡᠳᠬᠡᠮᠵᠢ ᠶᠢᠨ ᠲᠠᠯ᠎ᠠ ᠪᠠᠷ᠂ ᠰᠢᠨ᠎ᠡ ᠨᠢᠰᠬᠡᠯ ᠤᠨ ᠪᠠᠭᠤᠳᠠᠯ᠂ S43 ᠨᠢᠰᠬᠡᠯ ᠤᠨ ᠪᠠᠭᠤᠳᠠᠯ ᠤᠨ ᠲᠦᠷᠭᠡᠨ ᠤ | ᠵᠠᠰᠠᠮᠠᠯ ᠵᠠᠮ᠂ ᠭᠤᠷᠪᠠᠳᠤᠭᠠᠷ ᠲᠣᠭᠤᠷᠢᠯ ᠵᠠᠮ ᠵᠡᠷᠭᠡ 297 ᠲᠥᠷᠥᠯ ᠵᠦᠢᠯ ᠢ ᠬᠡᠷᠡᠭᠵᠢᠭᠦᠯᠵᠦ᠂ 350 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠮᠠᠨ ᠤ ᠬᠤᠲᠠ ᠶᠢᠨ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠦᠬᠦᠪᠦᠷᠢᠯᠡᠨ᠎ᠡ︔ ᠠᠷᠠᠳ ᠤᠨ ᠠᠮᠢᠳᠤᠷᠠᠯ ᠤᠨ | ᠬᠦᠷᠢᠶᠡᠨ ᠤ ᠲᠠᠯ᠎ᠠ ᠪᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ᠂ | ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠵᠡᠭᠦᠨ ᠰᠤᠷᠭᠠᠭᠤᠯᠢ ᠶᠢᠨ ᠲᠣᠭᠤᠷᠢᠭ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠲᠥᠷᠥᠯ ᠵᠦᠢᠯ ᠢ 125 | ᠬᠡᠷᠡᠭᠵᠢᠭᠦᠯᠵᠦ᠂ 110 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠲᠠ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠳᠥᠷᠪᠡ ᠳᠤ | ᠪᠡᠯᠡ ᠮᠥᠩᠭᠦ ᠶᠢ ︽ᠠᠷᠪᠢᠨ︾ ᠢ ᠴᠢᠷᠮᠠᠶᠢᠵᠤ ᠣᠯᠪᠠ᠃ ᠳᠡᠭᠡᠷ᠎ᠡ ᠬᠠᠭᠠᠰ ᠵᠢᠯ ᠳᠤ᠂ ᠨᠡᠶᠢᠲᠡ 27.54 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ 78 ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠪᠡ᠃ | ᠡᠭᠦᠨ ᠤ ᠳᠣᠲᠣᠷ᠎ᠠ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ 6.64 ᠳ᠋ᠦᠩᠰᠢᠭᠤᠷ ᠲᠥᠭᠦᠷᠢᠭ︔ | ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ 1.29 ᠳ᠋ᠦᠩᠰᠢᠭᠤᠷ ᠲᠥᠭᠦᠷᠢᠭ᠂ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 19.61 ᠳ᠋ᠦᠩᠰᠢᠭᠤᠷ ᠲᠥᠭᠦᠷᠢᠭ ᠲᠤ | ᠬᠦᠷᠴᠦ᠂ ᠲᠡᠮᠡᠴᠡᠨ ᠣᠯᠤᠭᠰᠠᠨ ᠲᠤᠭ᠎ᠠ ᠬᠡᠮᠵᠢᠶ᠎ᠡ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ | ᠣᠳᠣᠬᠠᠨ ᠳᠤ ᠤᠯᠤᠰ ᠤᠨ ᠭᠤᠷᠪᠠᠳᠤᠭᠠᠷ ᠪᠦᠯᠦᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢ ᠮᠡᠳᠡᠭᠦᠯᠬᠦ ᠠᠵᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠨ᠎ᠠ᠂ ᠨᠡᠶᠢᠲᠡ 136 ᠲᠥᠷᠥᠯ | ᠵᠦᠢᠯ ᠢ ᠳᠡᠭᠡᠭᠰᠢ ᠮᠡᠳᠡᠭᠦᠯᠵᠦ᠂ 217 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠤᠶᠤᠴᠢᠯᠠᠬᠤ ᠪᠠᠷ | ᠲᠥᠯᠥᠪᠯᠡᠵᠦ ᠪᠠᠶᠢᠨ᠎ᠠ᠃ ᠲᠠᠪᠤ ᠳᠤ ᠲᠥᠷᠥᠯ ᠵᠦᠢᠯ ᠢ ᠵᠠᠯᠭᠠᠭᠰᠠᠨ ᠨᠢ ︽ᠰᠠᠶᠢᠨ︾᠃ ᠤᠯᠤᠰ ᠤᠨ ᠰᠠᠭᠤᠷᠢ | ᠪᠡᠯᠡᠳᠬᠡᠮᠵᠢ ᠶᠢ ᠤᠷᠢᠳᠴᠢᠯᠠᠨ ᠲᠦᠯᠦᠪᠵᠢᠬᠦᠯᠬᠦ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ | ᠠᠳᠬᠤᠵᠤ᠂ ᠣᠳᠣᠬᠠᠨ ᠳᠤ᠂ ᠮᠠᠨ ᠤ ᠬᠤᠲᠠ ᠲᠠᠪᠤᠨ ᠲᠠᠯ᠎ᠠ ᠶᠢ ᠲᠦᠯᠦᠪᠵᠢᠬᠦᠯᠦᠭᠡᠳ ᠪᠠᠶᠢᠨ᠎ᠠ᠂ ᠶᠢᠰᠦᠨ ᠶᠡᠭᠡ | ᠬᠦᠷᠢᠶᠡᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠠᠭᠤᠷᠢ ᠪᠡᠯᠡᠳᠬᠡᠮᠵᠢ ᠶᠢᠨ ᠲᠦᠷᠦᠯ ᠵᠦᠢᠯ 509 | ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 7735 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ | 163 ᠲᠦᠷᠦᠯ ᠵᠦᠢᠯ ᠨᠢ ᠡᠮᠦᠨᠡᠬᠢ ᠬᠤᠭᠤᠴᠠᠭᠠᠨ ᠤ ᠠᠵᠢᠯ ᠪᠠ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ | ᠲᠦᠷᠭᠡᠪᠴᠢᠯᠡᠨ ᠥᠷᠨᠢᠭᠦᠯᠵᠦ ᠪᠤᠢ᠂ ᠡᠨᠡ ᠨᠢ ᠮᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠳᠤᠲᠠᠭᠤ ᠶᠢ ᠬᠦᠴᠦᠲᠡᠢ ᠨᠥᠬᠦᠪᠦᠷᠢᠯᠡᠵᠦ᠂ ᠰᠢᠨ᠎ᠡ ᠪᠠᠷ ᠨᠡᠮᠡᠭᠳᠡᠬᠦ ᠬᠡᠷᠡᠭᠴᠡᠭᠡ ᠶᠢ ᠬᠠᠩᠭᠠᠬᠤ | ᠪᠣᠯᠣᠨ᠎ᠠ᠃ ᠢᠷᠡᠬᠦ ᠵᠢᠯ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠷ᠎ᠡ ᠬᠠᠭᠠᠰ ᠵᠢᠯ | ᠪᠣᠯᠲᠠᠯ᠎ᠠ᠂ ᠮᠠᠨ ᠤ ᠬᠤᠲᠠ ᠨᠡᠶᠢᠲᠡ 1400 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | ᠲᠦᠯᠦᠪᠵᠢᠭᠦᠯᠦᠨ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1.8 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠪᠡᠯᠡ | ᠣᠷᠣᠭᠤᠯᠤᠯᠲᠠ ᠶᠢᠨ ᠲᠦᠷᠭᠡᠨ ᠨᠡᠮᠡᠭᠳᠡᠯ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠪᠡ᠃ | ᠬᠥᠲᠥᠯᠥᠭᠴᠢ᠄ ᠲᠠᠨ ᠤ ᠶᠠᠷᠢᠶᠠᠨ ᠠᠴᠠ ᠡᠨᠡ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠦᠨᠡᠬᠡᠷ ᠡᠷᠴᠢ ᠬᠦᠴᠦᠲᠡᠢ᠂ ᠪᠠᠶᠢᠷᠢᠰᠢᠭᠤᠯᠤᠯᠲᠠ ᠪᠥᠬᠦ ᠲᠠᠯ᠎ᠠ ᠶᠢᠨ᠂ ᠣᠨᠴᠠᠯᠢᠭ ᠲᠣᠪᠤᠶᠢᠮ᠎ᠠ ᠪᠠᠶᠢᠬᠤ ᠶᠢ | ᠣᠶᠢᠯᠠᠭᠠᠯ᠎ᠠ᠂ ᠲᠡᠭᠡᠪᠡᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠷᠠᠳᠬᠤ ᠳᠤ ᠡᠷᠬᠡᠪᠰᠢ ᠠᠵᠤ | ᠦᠢᠯᠡᠰ ᠤᠨ ᠬᠥᠭᠵᠢᠯᠲᠡ ᠶᠢ ᠶᠠᠷᠢᠬᠤ ᠬᠡᠷᠡᠭᠲᠡᠢ᠂ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ ᠬᠤᠲᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ | ᠢ ᠴᠤᠭᠴᠠᠯᠠᠬᠤ ᠬᠡᠷᠡᠭᠲᠡᠢ ᠭᠡᠵᠦ ᠳᠤᠷᠠᠳᠤᠭᠰᠠᠨ ᠪᠠᠶᠢᠨ᠎ᠠ᠂ ᠲᠡᠭᠡᠪᠡᠯ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ ᠠᠵᠤ ᠦᠢᠯᠡᠰ ᠤᠨ | ᠪᠦᠭᠡᠮᠨᠡᠷᠡᠯ ᠶᠠᠮᠠᠷ ᠰᠢᠨ᠎ᠡ ᠠᠬᠢᠴᠠ ᠲᠠᠢ ᠪᠣᠯᠤᠭᠰᠠᠨ ᠪᠣᠶ︖ | ᠠᠵᠤ ᠠᠬᠤᠢ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠤᠯᠠᠭᠠᠨ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠪᠥᠬᠦ ᠬᠤᠲᠠ ᠶᠢᠨ ︽ᠵᠢᠷᠭᠤᠭᠠᠨ ᠶᠡᠭᠡ | ᠠᠵᠤ ᠦᠢᠯᠡᠰ ᠤᠨ ᠪᠦᠭᠡᠮᠨᠡᠷᠡᠯ︾ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠬᠦ ᠨᠢᠭᠡᠴᠡ ᠪᠣᠯᠤᠭᠰᠠᠨ ᠤ | ᠬᠤᠪᠢ ᠳᠤ᠂ ᠦᠵᠦ ᠲᠦᠯᠦᠪᠯᠡᠭᠡ ᠶᠢ ᠲᠦᠯᠦᠪᠯᠡᠬᠦ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠣᠬᠢᠷᠠᠭᠤᠯᠬᠤ | ᠲᠣᠭᠲᠠᠴᠠ ᠶᠢ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠵᠢᠷᠭᠤᠭᠠᠨ | ᠶᠡᠭᠡ ᠠᠵᠤ ᠦᠢᠯᠡᠰ ᠤᠨ ᠪᠦᠭᠡᠮᠨᠡᠷᠡᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠷᠢᠯᠢᠭ ᠪᠣᠳᠠᠳᠠᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ ᠪᠣᠳᠠᠲᠠᠢ ᠪᠠᠷ ᠬᠡᠯᠡᠪᠡᠯ᠂ ᠭᠤᠣᠯ ᠠᠵᠢᠯ ᠢ ︽ | ᠲᠠᠪᠤᠨ ᠨᠢᠭᠡ︾ ᠪᠠᠷ ᠬᠤᠷᠢᠶᠠᠩᠭᠤᠶᠢᠯᠠᠵᠤ ᠪᠣᠯᠣᠨ᠎ᠠ᠂ ᠲᠤᠬᠠᠶᠢᠯᠠᠪᠠᠯ ᠨᠢᠭᠡᠨ ᠶᠡᠷᠦᠩᠬᠡᠢ ᠲᠥᠰᠥᠯ ᠢ ᠲᠣᠭᠲᠠᠭᠠᠵᠤ᠂ | ᠨᠢᠭᠡ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠨᠢᠭᠡ ᠢᠵᠢ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ | ᠪᠦᠷᠢᠯᠳᠦᠭᠦᠯᠦᠨ᠂ ᠨᠢᠭᠡ 2022 ᠣᠨ ᠤ ᠠᠵᠢᠯ ᠤᠨ ᠴᠢᠬᠤᠯᠠ ᠵᠦᠢᠯ ᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠵᠦ᠂ ᠨᠢᠭᠡᠨ ᠢᠵᠢ ᠪᠦᠲᠦᠮᠵᠢᠲᠡᠶ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠂ ᠢᠯᠠᠩᠭᠤᠶ᠎ᠠ ︽ | ᠵᠢᠷᠭᠤᠭᠠᠨ ᠲᠣᠮᠣ ᠠᠵᠤ ᠦᠢᠯᠡᠰ ᠤᠨ ᠪᠦᠭᠡᠮᠨᠡᠷᠡᠯ︾ ᠳᠤ ᠠᠵᠤ ᠦᠢᠯᠡᠰ ᠤᠨ ᠵᠢᠷᠤᠭ ᠢ ᠲᠣᠭᠲᠠᠭᠠᠨ ᠥᠭᠴᠦ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠮᠥᠷᠭᠡ᠂ ᠲᠥᠷᠥᠯ ᠵᠦᠢᠯ ᠤᠨ ᠬᠥᠮᠥᠷᠭᠡ᠂ ᠡᠬᠢ ᠪᠠᠶᠠᠯᠢᠭ ᠤᠨ | ᠬᠥᠮᠥᠷᠭᠡ ᠶᠢ ᠪᠠᠶᠢᠭᠤᠯᠵᠤ᠂ ᠪᠥᠬᠦ ᠬᠤᠲᠠ ᠶᠢᠨ ᠠᠵᠤ ᠦᠢᠯᠡᠰ ᠤᠨ ᠪᠦᠭᠡᠮᠨᠡᠷᠡᠯ ᠤᠨ ᠲᠣᠭᠤᠷᠢᠨ ᠳᠤ ᠲᠥᠷᠥ ᠶᠢᠨ | ᠪᠣᠳᠣᠯᠭ᠎ᠠ ᠲᠣᠭᠲᠠᠭᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠬᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ | ᠡᠭᠦᠨ ᠤ ᠬᠠᠮᠲᠤ᠂ ᠮᠠᠨ ᠤ ᠵᠦᠪᠯᠡᠯ ᠤᠨ ᠲᠦᠷᠦᠭᠦᠯᠡᠨ ᠪᠠᠶᠢᠭᠤᠯᠤᠭᠰᠠᠨ ᠴᠡᠪᠡᠷ ᠡᠨᠧᠷᠭᠢ ᠶᠢᠨ ᠠᠵᠤ | ᠦᠢᠯᠡᠰ ᠤᠨ ᠪᠦᠭᠡᠮᠨᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠳᠤ ᠶᠠᠭ ᠳ᠋ᠠ ᠲᠠᠩ ᠤᠨ 200 | ᠲᠦᠮᠡᠨ ᠺᠢᠯᠣᠸᠠᠲ ᠤᠨ ᠴᠠᠬᠢᠯᠭᠠᠨ ᠢ ᠭᠠᠳᠠᠭᠰᠢ ᠬᠦᠷᠭᠡᠬᠦ᠂ ᠦᠴᠦᠸᠠᠨ ᠤ ᠶᠤᠸᠠᠨ ᠵᠢᠩ ᠤᠨ 40 ᠲᠦᠮᠡᠨ | ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠰᠠᠭᠤᠷᠢᠨ | ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠢᠨᠵᠧᠨᠧᠷᠢᠩ ᠵᠡᠷᠭᠡ | ᠨᠢᠭᠡ ᠪᠦᠯᠦᠭ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2022 | ᠣᠨ ᠳᠤ ᠬᠠᠭᠠᠰ ᠢ ᠨᠢ ᠲᠣᠣᠷ ᠲᠤ ᠨᠡᠶᠢᠯᠡᠭᠦᠯᠵᠦ᠂ 2023 ᠣᠨ ᠳᠤ ᠪᠦᠬᠦᠨ ᠢ ᠲᠣᠣᠷ ᠲᠤ ᠨᠡᠶᠢᠯᠡᠭᠦᠯᠬᠦ ᠶᠢ | ᠦᠨᠡᠨᠬᠦ ᠪᠠᠲᠤᠯᠠᠵᠤ ᠪᠠᠶᠢᠨ᠎ᠠ᠃ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠭᠡᠢ | ᠬᠦᠷᠢᠶᠡᠯᠡᠩ ᠲᠣᠭᠤᠷᠢᠭ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠦᠭᠡᠴᠡ ᠡᠨᠧᠷᠬᠢ | ᠪᠦᠬᠦᠢ ᠬᠠᠮᠲᠤ ᠪᠠᠷ ᠡᠳ᠋ᠯᠡᠬᠦ ᠴᠠᠬᠢᠯᠭᠠᠨ ᠥᠷᠲᠡᠭᠡ᠂ ᠲᠤᠭᠲᠠᠬᠤ ᠴᠢᠩ ᠱᠦᠢ ᠡᠾᠧ ᠤᠨ ᠬᠦᠷᠢᠶᠡᠯᠡᠩ | ᠲᠣᠭᠤᠷᠢᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠣᠷᠤᠯᠠᠭᠤᠯᠤᠯᠲᠠ᠂ ᠵᠦᠩ ᠬᠤᠸᠠᠨ ᠠᠵᠤ ᠦᠢᠯᠡᠰ ᠤᠨ | ᠬᠤᠲᠠ ᠶᠢᠨ ᠪᠣᠬᠢᠷᠳᠤᠯ ᠦᠭᠡᠢ ᠴᠠᠬᠢᠯᠭᠠᠨ ᠬᠦᠴᠦᠨ ᠤ ᠣᠷᠤᠯᠠᠭᠤᠯᠤᠯᠲᠠ ᠵᠡᠷᠭᠡ ᠲᠥᠷᠥᠯ ᠵᠦᠢᠯ ᠢ | ᠵᠥᠪᠰᠢᠶᠡᠷᠡᠬᠦ ᠶᠢᠨ ᠬᠠᠮᠲᠤ ᠬᠡᠷᠡᠭᠵᠢᠭᠦᠯᠬᠦ ᠶᠢ ᠢᠳᠡᠪᠬᠢᠲᠡᠢ ᠠᠬᠢᠢᠭᠤᠯᠪᠠ᠃ ᠬᠥᠬᠡᠬᠤᠲᠠ ᠶᠢᠨ ᠤᠰᠤ ᠲᠠᠲᠠᠵᠤ | ᠡᠨᠧᠷᠬᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ ᠶᠢ ᠤᠯᠤᠰ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠷᠡᠭᠵᠢᠭᠦᠯᠬᠦ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ | ᠴᠢᠷᠮᠠᠶᠢᠵᠤ᠂ ᠬᠥᠬᠡᠬᠤᠲᠠ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠭᠤᠷᠪᠠᠳᠤᠭᠠᠷ ᠬᠤᠭᠤᠴᠠᠭ᠎ᠠ᠂ ᠴᠢᠩ ᠱᠦᠢ | ᠾᠧ ᠶᠢᠨ ᠤᠰᠤ ᠲᠠᠲᠠᠵᠤ ᠡᠨᠧᠷᠬᠢ ᠬᠠᠳᠠᠭᠠᠯᠠᠬᠤ ᠲᠦᠷᠦᠯ ᠵᠦᠢᠯ ᠵᠡᠷᠭᠡ ᠶᠢ ᠢᠳᠡᠪᠬᠢᠲᠡᠢ ᠪᠠᠷ ᠰᠦᠪᠡᠭᠴᠢᠯᠡᠨ | ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ᠬᠠᠮᠤᠭ ᠤᠨ ᠰᠢᠨ᠎ᠡ ᠲᠣᠬᠢᠷᠠᠭᠤᠯᠤᠯᠲᠠ ᠶᠢ ᠦᠨᠳᠦᠰᠦᠯᠡᠪᠡᠯ᠂ 2022 ᠣᠨ ᠳᠤ ᠵᠢᠷᠭᠤᠭᠠᠨ ᠲᠣᠮᠣ ᠠᠵᠤ | ᠦᠢᠯᠡᠰ ᠤᠨ ᠪᠥᠭᠡᠮᠨᠡᠷᠡᠯ ᠤᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ 112 | ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 832.3 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ | ᠦᠢᠯᠡᠳᠪᠦᠷᠢᠯᠡᠯ ᠢ ᠪᠡᠶᠡᠯᠡᠭᠦᠯᠦᠭᠰᠡᠨ ᠤ ᠳᠠᠷᠠᠭ᠎ᠠ ᠦᠢᠯᠡᠳᠬᠦᠨ ᠤ ᠥᠷᠲᠡᠭ ᠨᠢ 963.85 ᠳ᠋ᠦᠩᠰᠢᠭᠤᠷ | ᠲᠥᠭᠦᠷᠢᠭ ᠲᠤ ᠬᠦᠷᠴᠦ᠂ ᠲᠣᠰ ᠵᠢᠯ ᠳᠤ 233.84 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠬᠦ ᠪᠠᠷ ᠵᠢᠱᠢᠵᠦ᠂ ᠣᠳᠣᠬᠠᠨ ᠳᠤ 31 ᠨᠢ ᠨᠢᠭᠡᠨᠲᠡ ᠠᠰᠢᠭᠯᠠᠯᠲᠠ ᠳᠤ ᠣᠷᠣᠪᠠ︔ 244 | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 2136. | 98 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ 233.84 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ 172 ᠲᠦᠷᠦᠯ ᠵᠦᠢᠯ ᠢ ᠨᠢᠭᠡᠨᠲᠡ ᠠᠵᠢᠯ | ᠡᠬᠢᠯᠡᠭᠦᠯᠦᠨ ᠠᠵᠢᠯ ᠰᠡᠷᠭᠦᠭᠡᠪᠡ︔ ᠳᠡᠭᠡᠷ᠎ᠡ ᠬᠠᠭᠠᠰ ᠵᠢᠯ ᠳᠤ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠨᠡᠶᠢᠲᠡ | 130 ᠲᠠᠯᠠᠪᠤᠷ ᠤᠳᠠᠭ᠎ᠠ ︵ᠰᠦᠯᠵᠢᠶᠡᠨ ᠳᠡᠭᠡᠷ᠎ᠡ 16 ᠲᠠᠯᠠᠪᠤᠷ ᠤᠳᠠᠭ᠎ᠠ ᠬᠤᠳᠠᠯᠳᠤᠭᠠᠴᠢᠨ ᠣᠷᠢᠵᠣ᠂ 28 | ᠲᠠᠯᠠᠪᠤᠷ ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠣᠷᠢᠵᠣ᠂ 86 ᠲᠠᠯᠠᠪᠤᠷ ᠤᠳᠠᠭ᠎ᠠ ᠠᠵᠤ ᠠᠬᠤᠶᠢᠯᠠᠯ ᠢ | ᠤᠷᠢᠵᠤ ᠬᠥᠬᠡᠬᠤᠲᠠ ᠳᠤ ᠢᠷᠡᠭᠦᠯᠵᠦ ᠵᠦᠪᠳᠡᠯᠴᠡᠪᠡ︶ ᠥᠷᠨᠢᠭᠦᠯᠵᠦ᠂ 167 ᠠᠵᠤ ᠠᠬᠤᠶᠢᠯᠠᠯ ᠲᠠᠢ | ᠵᠣᠯᠭᠠᠭᠤᠯᠵᠤ᠂ ᠣᠳᠣᠬᠠᠨ ᠳᠤ ᠨᠢᠭᠡᠨᠲᠡ ᠭᠡᠷ᠎ᠡ ᠲᠣᠭᠲᠠᠭᠰᠠᠨ 109 ᠲᠥᠷᠥᠯ ᠵᠦᠢᠯ ᠤᠨ ᠵᠥᠪᠳᠡᠯᠴᠡᠨ | ᠲᠣᠭᠲᠠᠭᠰᠠᠨ ᠪᠡᠯᠡ ᠣᠷᠣᠭᠤᠯᠤᠯᠲᠠ 1695.51 ᠳ᠋ᠦᠩᠰᠢᠭᠤᠷ ᠲᠥᠭᠦᠷᠢᠭ ᠲᠤ ᠬᠦᠷᠴᠦ᠂ 58 ᠶᠢ ᠨᠢ ᠨᠢᠭᠡᠨᠲᠡ | ᠪᠤᠳᠠᠳᠠᠶᠢᠵᠢᠭᠤᠯᠪᠠ᠃ | ᠬᠥᠲᠥᠯᠥᠭᠴᠢ᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ | ᠲᠤᠬᠠᠢ ᠲᠠᠨᠢᠯᠴᠠᠭᠤᠯᠭ᠎ᠠ ᠶᠢ ᠰᠣᠨᠣᠰᠤᠭᠠᠳ᠂ ᠪᠢᠳᠡ ᠬᠥᠬᠡᠬᠤᠲᠠ ᠶᠢᠨ ᠢᠷᠡᠭᠡᠳᠦᠢ ᠳᠤ ᠢᠲᠡᠭᠡᠯ ᠳᠦᠭᠦᠷᠡᠩ | ᠪᠠᠶᠢᠨ᠎ᠠ᠃ ᠲᠡᠭᠡᠪᠡᠯ ᠳᠣᠣᠷ᠎ᠠ ᠬᠠᠭᠠᠰ ᠵᠢᠯ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠢ ᠲᠦᠯᠬᠢᠨ ᠠᠬᠢᠭᠤᠯᠬᠤ ᠪᠠᠷ ᠪᠠᠶᠢᠨ᠎ᠠ︖ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ | ᠰᠤᠳᠤᠯᠭᠠᠨ ᠤ ᠲᠥᠪ ᠤᠨ ᠡᠷᠬᠢᠯᠡᠭᠴᠢ ᠽᠧᠩ ᠯᠢᠩ ᠰᠢᠨ᠄ | ᠪᠥᠬᠦ ᠬᠤᠲᠠ ᠶᠢᠨ ᠠᠵᠤ ᠠᠬᠤᠢ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠪᠢᠳᠡ ᠦᠷᠭᠦᠯᠵᠢᠯᠡᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ | ᠴᠢᠩᠭ᠎ᠠ ᠠᠳᠬᠤᠨ ᠲᠦᠷᠭᠡᠨ ᠠᠵᠢᠯᠯᠠᠨ᠎ᠠ᠃ | ᠨᠢᠭᠡ ᠳᠤ ᠨᠡᠮᠡᠭᠳᠡᠯ ᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ︽ | ᠴᠢᠩᠭᠠᠳᠬᠠᠨ᠎ᠠ︾᠃ ᠨᠢᠭᠡ ᠲᠠᠯ᠎ᠠ ᠪᠠᠷ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ︽ᠤᠯᠤᠰ ᠤᠨ ᠠᠵᠤ | ᠠᠬᠤᠢ ᠶᠢ ᠲᠣᠭᠲᠠᠪᠤᠷᠢᠵᠢᠭᠤᠯᠬᠤ 33 ᠵᠦᠢᠯ︾ ︽ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ | ᠲᠣᠭᠲᠠᠪᠤᠷᠢᠵᠢᠭᠤᠯᠬᠤ 40 ᠵᠦᠢᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠣᠷᠣᠨ ᠤ ᠲᠥᠪ ᠲᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ︔ ᠨᠥᠭᠦᠭᠡ ᠲᠠᠯ᠎ᠠ ᠪᠠᠷ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠨᠡ ᠵᠢᠯ ᠤᠨ ᠮᠠᠨ ᠤ ᠬᠤᠲᠠ ᠶᠢᠨ ᠲᠣᠭᠲᠠᠭᠠᠵᠤ | ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠤᠳᠠᠳᠠᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠨᠢ ᠲᠣᠬᠢᠷᠠᠭᠤᠯᠤᠨ | ᠦᠨᠡᠯᠡᠨ ᠵᠢᠱᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠤᠨ᠂ ᠠᠵᠤ | ᠠᠬᠤᠢ ᠶᠢᠨ ᠲᠣᠭᠲᠠᠭᠤᠨ ᠢ ᠪᠠᠲᠤᠯᠠᠨ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠪᠥᠬᠦ ᠵᠢᠯ ᠤᠨ | ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠬᠤᠶᠠᠷ ᠲᠤ ᠠᠵᠤ ᠠᠬᠤᠢ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ︽ᠨᠢᠭᠲᠠ︾ ᠪᠣᠯᠭᠠᠨ᠎ᠠ᠃ ᠪᠥᠬᠦ | ᠵᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠠᠵᠤ | ᠦᠢᠯᠡᠳᠪᠦᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ᠂ ᠠᠷᠠᠯᠵᠢᠶ᠎ᠠ ᠬᠤᠳᠠᠯᠳᠤᠭᠠᠨ ᠤ ᠭᠤᠣᠯᠳᠠᠯᠭ᠎ᠠ ᠲᠠᠢ ᠠᠵᠤ | ᠠᠬᠤᠶᠢᠯᠠᠯ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠨᠢᠭᠲᠠ ᠲᠣᠬᠢᠷᠠᠭᠤᠯᠤᠨ ᠵᠠᠳᠠᠯᠬᠤ | ᠠᠵᠢᠯ ᠢ ᠥᠷᠨᠢᠭᠦᠯᠵᠦ᠂ ︽ᠡᠳᠦᠷ ᠢᠶᠠᠷ ᠬᠢᠨᠠᠨ ᠬᠡᠮᠵᠢᠵᠦ᠂ ᠭᠠᠷᠠᠭ ᠢᠶᠠᠷ ᠲᠣᠬᠢᠷᠠᠭᠤᠯᠤᠨ᠂ ᠰᠠᠷ᠎ᠠ ᠪᠠᠷ ᠮᠡᠳᠡᠭᠡᠯᠡᠬᠦ︾ | ᠳᠦᠷᠢᠮ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠤᠨ ᠪᠠᠶᠢᠯᠭᠠᠬᠤ︾ ᠰᠠᠭᠤᠷᠢ᠂ ︽ | ᠤᠷᠤᠭᠰᠢᠯᠠᠬᠤ︾ ᠬᠥᠳᠡᠯᠭᠡᠭᠦ ᠬᠦᠴᠦᠨ ᠢ ᠲᠠᠰᠤᠷᠠᠯᠲᠠ ᠦᠭᠡᠢ ᠪᠠᠲᠤᠳᠬᠠᠨ᠎ᠠ᠃ | ᠭᠤᠷᠪᠠ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠲᠦᠷᠭᠡᠳᠬᠡᠨ᠎ᠡ︾᠃ | ᠡᠭᠦᠨ ᠳᠤ ᠭᠤᠣᠯᠳᠠᠭᠤ ᠲᠦᠷᠦᠯ ᠵᠦᠢᠯ ᠢ ᠳᠠᠶᠢᠴᠢᠯᠠᠬᠤ᠂ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢ | ᠬᠦᠴᠦᠲᠡᠢ ᠪᠠᠳᠠᠷᠠᠭᠤᠯᠬᠤ ᠪᠠᠳᠠᠷᠠᠭᠤᠯᠤᠨ᠎ᠠ᠃ ᠨᠢᠭᠡ ᠲᠠᠯ᠎ᠠ ᠪᠠᠷ᠂ ᠪᠠᠶᠢᠭᠤᠯᠵᠤ ᠪᠠᠶᠢᠭ᠎ᠠ 1042 | ᠭᠤᠣᠯᠳᠠᠯᠭ᠎ᠠ ᠲᠠᠢ ᠲᠥᠷᠥᠯ ᠵᠦᠢᠯ ᠤᠨ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ 8᠂ 9᠂ 10 ᠳ᠋ᠤᠭᠠᠷ | ᠰᠠᠷ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠪᠠᠷᠢᠯᠭ᠎ᠠ ᠶᠢᠨ | ᠠᠬᠢᠴᠠ ᠶᠢ ᠲᠦᠷᠭᠡᠳᠬᠡᠨ᠂ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ᠡᠨᠡ ᠵᠢᠯ | ᠳᠠᠭᠤᠰᠬᠠᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠴᠤ᠂ ᠪᠥᠬᠦ | ᠬᠦᠴᠦᠨ ᠢᠶᠠᠷ ᠢᠶᠠᠨ ᠳᠡᠮᠵᠢᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ | ᠣᠯᠬᠤ ᠪᠠᠷ ᠴᠢᠷᠮᠠᠶᠢᠬᠤ ᠬᠡᠷᠡᠭᠲᠡᠢ︔ ᠨᠥᠭᠦᠭᠡ ᠲᠠᠯ᠎ᠠ ᠪᠠᠷ᠂ ᠪᠠᠶᠢᠭᠤᠯᠬᠤ ᠪᠠᠷ ᠪᠠᠶᠢᠭ᠎ᠠ ︽ᠵᠣᠬᠢᠰᠲᠠᠢ ᠤᠷᠢᠳᠴᠢᠯᠠᠨ | ᠪᠠᠶᠢᠷᠢᠯᠠᠭᠤᠯᠤᠭᠰᠠᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ︾ ︽ᠲᠥᠷᠥ ᠶᠢᠨ ᠪᠣᠳᠣᠯᠭ᠎ᠠ ᠶᠢᠨ ᠴᠢᠨᠠᠷᠲᠠᠢ᠂ | ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠬᠦ ᠲᠥᠷᠥᠯ ᠵᠦᠢᠯ︾ ᠢ | ᠤᠷᠢᠳᠴᠢᠯᠠᠨ ᠪᠠᠶᠢᠷᠢᠰᠢᠭᠤᠯᠬᠤ ᠶᠢ ᠰᠠᠶᠢᠲᠤᠷ ᠬᠢᠵᠦ᠂ ᠰᠤᠳᠤᠯᠤᠨ ᠨᠠᠶᠢᠷᠠᠭᠤᠯᠵᠤ ᠪᠣᠯᠬᠤ᠂ ᠭᠠᠷᠳᠠᠮ ᠢ | ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠡᠷᠲᠡᠬᠡᠨ ᠨᠠᠶᠢᠳᠠᠪᠤᠷᠢᠵᠢᠭᠤᠯᠵᠤ᠂ | ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ᠳᠥᠷᠪᠡ ᠳᠤ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ︽ᠴᠢᠩᠭᠠᠷᠠᠭᠤᠯᠤᠨ᠎ᠠ︾᠃ ᠤᠯᠤᠰ᠂ | ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠪᠠᠷ ᠳᠡᠮᠵᠢᠬᠦ ᠴᠢᠭᠯᠡᠯ ᠳᠤ ᠨᠡᠶᠢᠴᠡᠬᠦ ᠲᠥᠷᠥᠯ ᠵᠦᠢᠯ ᠳᠤ᠂ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠵᠣᠯᠭᠠᠭᠤᠯᠬᠤ᠂ ᠪᠡᠯᠡ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠵᠣᠬᠢᠴᠠᠭᠤᠯᠬᠤ ᠲᠠᠯ᠎ᠠ ᠪᠠᠷ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠲᠥᠷᠥᠯ ᠵᠦᠢᠯ ᠢ | ᠪᠣᠭᠤᠳᠠᠯᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠰᠠᠶᠢᠲᠤᠷ | ᠬᠠᠪᠰᠤᠷᠤᠨ ᠵᠢᠯᠤᠭᠤᠳᠴᠤ᠂ ᠲᠥᠰᠥᠪ ᠤᠨ ᠳᠣᠲᠣᠷᠠᠬᠢ ᠪᠡᠯᠡ ᠮᠥᠩᠭᠦ᠂ ᠲᠤᠰᠬᠠᠢ ᠵᠦᠢᠯ ᠤᠨ ᠵᠢᠭᠡᠯᠡᠯᠭᠡ᠂ | ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠮ ᠬᠦᠦ ᠵᠡᠷᠭᠡ ᠪᠡᠯᠡ ᠮᠥᠩᠭᠦ ᠶᠢ ᠣᠯᠬᠤ ᠵᠠᠮ ᠢ | ᠨᠡᠪᠲᠡᠷᠡᠭᠦᠯᠦᠨ᠎ᠡ︔ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠲᠥᠷᠥᠯ ᠵᠦᠢᠯ ᠢ ᠭᠦᠨᠵᠡᠭᠡᠢ | ᠨᠡᠪᠲᠡᠷᠡᠯᠴᠡᠨ ᠵᠣᠯᠭᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠲᠥᠷᠥᠯ | ᠵᠦᠢᠯ ᠤᠨ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠬᠢᠵᠢᠭ ᠢ ᠰᠡᠷᠭᠡᠶᠢᠯᠡᠬᠦ ᠵᠡᠷᠭᠡ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠥᠷᠥᠯ ᠵᠦᠢᠯ ᠢ ᠪᠥᠬᠦ ᠴᠢᠳᠠᠯ ᠢᠶᠠᠷ | ᠠᠬᠢᠭᠤᠯᠵᠤ᠂ ᠠᠵᠤ ᠠᠬᠤᠶᠢᠯᠠᠯ ᠢ ᠳᠦᠭᠦᠷᠡᠩ ᠳᠠᠭᠠᠭᠠᠴᠠ ᠲᠠᠢ ᠠᠵᠢᠯᠯᠠᠭᠤᠯᠤᠨ᠎ᠠ᠃ | ᠬᠠᠮᠢᠶᠠᠷᠤᠭᠴᠢ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ | ᠠᠬᠤᠢ ᠶᠢᠨ ᠰᠤᠳᠤᠯᠭᠠᠨ ᠤ ᠲᠥᠪ ᠤᠨ ᠽᠧᠩ ᠯᠢᠩ ᠰᠢᠨ ᠡᠷᠬᠢᠯᠡᠭᠴᠢ᠂ ᠠᠵᠤ ᠠᠬᠤᠢ ᠶᠢᠨ ᠰᠤᠳᠤᠯᠭᠠᠨ ᠤ | ᠲᠥᠪ ᠤᠨ ᠯᠢ ᠪᠢᠨ ᠳᠡᠳ᠋ ᠡᠷᠬᠢᠯᠡᠭᠴᠢ᠂ ᠠᠵᠤ ᠠᠬᠤᠢ ᠶᠢᠨ ᠰᠤᠳᠤᠯᠭᠠᠨ ᠤ ᠲᠥᠪ ᠤᠨ ᠤᠯᠠᠭᠠᠨ ᠳᠡᠳ᠋ | ᠡᠷᠬᠢᠯᠡᠭᠴᠢ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ | ᠪᠠᠶᠠᠷᠯᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃ | |