︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠠᠰᠠᠭᠤᠳᠠᠯ ᠳᠤ ᠰᠢᠭᠤᠳ ᠬᠠᠨᠳᠤᠵᠤ ᠬᠠᠲᠠᠭᠤ ᠲᠠᠢ ᠨᠢ ᠦᠨᠡᠨ ᠬᠦ ᠬᠠᠯᠳᠠᠨ᠎ᠠ
ᠨᠡᠶᠢᠲᠡᠯᠡᠭᠰᠡᠨ ᠴᠠᠭ᠄
2022/8/24
     ︽ᠪᠥᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ᠂ ᠲᠥᠷᠥᠯ ᠬᠤᠪᠢᠶᠠᠨ ᠰᠢᠢᠳᠪᠦᠷᠢᠯᠡᠵᠦ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠨ᠎ᠠ ᠁︾ 8 ᠰᠠᠷ᠎ᠠ ᠶᠢᠨ 15 ᠠᠴᠠ 19 ᠤ ᠡᠳᠦᠷ ᠪᠣᠯᠲᠠᠯ᠎ᠠ᠂ ᠮᠠᠨ ᠤ ᠣᠷᠣᠨ ᠵᠠᠯᠭᠠᠭ᠎ᠠ ᠪᠠᠷ 5 ᠤᠳᠠᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ᠂ ᠰᠤᠯᠠ ᠪᠠᠶᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠨ᠎ᠠ ᠭᠡᠵᠦ ᠨᠡᠶᠢᠲᠡᠯᠡᠪᠡ᠃ ᠠᠰᠠᠭᠤᠳᠠᠯ ᠳᠤ ᠰᠢᠭᠤᠳ ᠬᠠᠨᠳᠤᠵᠤ᠂ ᠦᠨᠡᠨ ᠬᠦ ᠬᠠᠲᠠᠭᠤ ᠲᠠᠢ ᠨᠢ ᠬᠠᠯᠳᠠᠵᠤ᠂ ᠬᠠᠲᠠᠭᠤ ᠠᠷᠭ᠎ᠠ ᠬᠡᠮᠵᠢᠶ᠎ᠡ ᠠᠪᠴᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠷᠢᠰ ᠲᠣᠮᠣ ᠠᠵᠢᠯᠯᠠᠭ᠎ᠠ ᠰᠦᠷ ᠳᠠᠯᠠᠶᠢᠴᠠᠲᠠᠢ ᠡᠬᠢᠯᠡᠪᠡ᠃      ᠲᠠᠪᠤ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠂ ᠮᠠᠨ ᠤ ᠣᠷᠣᠨ ᠤ ᠠᠵᠤ ᠠᠬᠤᠢ ᠶᠢᠨ ᠬᠦᠷᠢᠶᠡᠨ ᠳᠤ ᠤᠷᠲᠤ ᠬᠤᠭᠤᠴᠠᠭ᠎ᠠ ᠪᠠᠷ ᠣᠷᠣᠰᠢᠵᠤ ᠪᠠᠶᠢᠭ᠎ᠠ ᠶᠠᠰᠤ ᠴᠢᠨᠠᠷ ᠳᠣᠣᠷ᠎ᠠ᠂ ᠦᠷ᠎ᠡ ᠠᠰᠢᠭ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢᠳᠬᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠪᠥᠬᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠠᠵᠤ ᠠᠬᠤᠢ ᠶᠢᠨ ᠵᠢᠮ᠎ᠡ ᠶᠣᠰᠣ ᠪᠠᠷ ᠠᠵᠢᠯ ᠢᠶᠠᠨ ᠠᠳᠬᠤᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠦᠷ᠎ᠡ ᠠᠰᠢᠭ ᠢ ᠲᠡᠷᠢᠭᠦᠨ ᠳᠤ ᠲᠠᠯᠪᠢᠬᠤ᠂ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠡᠷᠬᠢᠮᠯᠡᠬᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠦᠵᠡᠯ ᠤᠬᠠᠮᠰᠠᠷ ᠢ ᠪᠣᠢ ᠪᠣᠯᠭᠠᠬᠤ ᠳᠤ ᠴᠢᠬᠤᠯᠠ ᠰᠠᠭᠤᠷᠢ ᠲᠠᠯᠪᠢᠵᠤ᠂ ᠴᠢᠬᠤᠯᠠ ᠠᠭᠤᠷ ᠠᠮᠢᠰᠬᠤᠯ ᠢ ᠪᠣᠢ ᠪᠣᠯᠭᠠᠵᠤ᠂ ᠴᠢᠬᠤᠯᠠ ᠠᠵᠠ ᠲᠣᠬᠢᠶᠠᠯ ᠢ ᠡᠭᠦᠳᠪᠡ᠃      ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠪᠥᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ᠂ ᠡᠬᠡ ᠳᠠᠩᠰᠠ ᠪᠠᠶᠢᠭᠤᠯᠬᠤ ᠪᠠᠷ ᠳᠠᠮᠵᠢᠭᠤᠯᠤᠨ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠵᠥᠪᠰᠢᠶᠡᠷᠡᠪᠡᠯ ᠵᠣᠬᠢᠬᠤ ᠶᠢ ᠨᠢ ᠪᠥᠬᠦᠨ ᠢ ᠵᠥᠪᠰᠢᠶᠡᠷᠡᠬᠦ ᠶᠢ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︾᠃ 8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠨᠡ ᠬᠦ ᠴᠢᠬᠤᠯᠠ ᠶᠡᠭᠡ ᠮᠡᠳᠡᠭᠡ ᠶᠢ ᠨᠡᠶᠢᠲᠡᠯᠡᠭᠰᠡᠨ ᠨᠢ ᠰᠦᠷ ᠳᠠᠯᠠᠶᠢᠴᠠᠲᠠᠢ ᠪᠥᠭᠡᠳ ᠬᠥᠮᠥᠰ ᠤᠨ ᠰᠡᠳᠬᠢᠯ ᠢ ᠳᠣᠭᠳᠣᠯᠤᠭᠤᠯᠪᠠ᠃ ︽ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠣᠰ ᠬᠦᠷᠢᠶᠡᠨ ᠳᠠᠬᠢ ︿ᠬᠠᠭᠠᠰ ᠳᠤᠲᠠᠭᠤ ᠣᠷᠬᠢᠭᠰᠠᠨ﹀ ᠪᠠᠷᠢᠯᠭ᠎ᠠ ᠶᠢᠨ ᠪᠠᠷᠢᠮᠵᠢᠶ᠎ᠠ ᠶᠢ ᠳᠤᠷᠠᠳᠪᠠ᠃ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠵᠦ᠂ ᠨᠢᠭᠡ ᠪᠦᠯᠦᠭ ᠢ ᠨᠢ ᠰᠢᠢᠳᠪᠦᠷᠢᠯᠡᠬᠦ ᠪᠠᠷ ᠴᠢᠷᠮᠠᠶᠢᠨ᠎ᠠ᠃︾ 8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠶᠢᠨ ᠲᠤᠶᠢᠯᠪᠤᠷᠢᠲᠠᠢ ᠪᠠᠶᠢᠴᠠᠭᠠᠯᠲᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠮᠡᠳᠡᠭᠡ ᠨᠢ ᠬᠥᠮᠥᠰ ᠢ ᠰᠡᠩᠬᠡᠷᠡᠭᠦᠯᠦᠨ᠎ᠡ᠃ ︽ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠨᠡᠭᠡᠭᠡᠨ ᠠᠰᠢᠭᠯᠠᠬᠤ ᠪᠠ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠎ᠡ︾᠃ 8 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠰᠠᠶᠢᠨ ᠴᠢᠮᠡᠭᠡ ᠳᠠᠮᠵᠢᠭᠳᠠᠪᠠ᠃ ︽ᠤᠷᠲᠤ ᠬᠤᠭᠤᠴᠠᠭ᠎ᠠ ᠪᠠᠷ ᠬᠤᠷᠠᠮᠳᠤᠭᠰᠠᠨ ᠲᠤᠨᠤᠮᠠᠯ ᠪᠡᠯᠡ ᠮᠥᠩᠭᠦ ᠶᠢ ᠡᠷᠡᠰ ᠬᠤᠷᠢᠶᠠᠨ ᠠᠪᠴᠤ᠂ ︿ᠰᠤᠯᠠ ᠵᠣᠭᠤᠰ﹀ ᠢ ︿ᠪᠦᠬᠦᠯᠢ ᠵᠣᠭᠤᠰ﹀ ᠪᠣᠯᠭᠠᠨ ᠬᠤᠪᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠪᠠ ᠠᠷᠠᠳ ᠤᠨ ᠠᠮᠢᠳᠤᠷᠠᠯ ᠢ ᠪᠠᠲᠤᠯᠠᠬᠤ ᠵᠠᠷᠤᠯᠭ᠎ᠠ ᠳᠤ ᠨᠢᠭᠡᠳᠦᠯᠲᠡᠢ ᠲᠥᠯᠥᠪᠯᠡᠨ ᠬᠡᠷᠡᠭᠯᠡᠨ᠎ᠡ︾᠃ 8 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠲᠤᠰᠬᠠᠢ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠬᠥᠮᠥᠰ ᠢ ᠡᠷᠡᠮᠡᠬᠡᠶᠢᠯᠡᠨ ᠤᠷᠤᠭᠰᠢᠯᠠᠭᠤᠯᠤᠨ᠎ᠠ᠃ ︽2016 ᠣᠨ ᠠᠴᠠ ᠨᠠᠭᠠᠰᠢᠬᠢ ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠲᠤᠨᠤᠮᠠᠯ ᠪᠡᠯᠡ ᠮᠥᠩᠭᠦ᠂ ᠭᠠᠵᠠᠷ ᠰᠢᠷᠣᠢ ᠶᠢᠨ ᠠᠰᠢᠭᠯᠠᠯᠲᠠ᠂ ᠰᠠᠭᠤᠷᠢ ᠲᠥᠬᠦᠭᠡᠷᠦᠮᠵᠢ ᠶᠢᠨ ᠨᠥᠭᠡᠴᠡ ᠪᠡᠯᠡ ᠬᠥᠷᠥᠩᠭᠡ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠪᠠ ᠪᠦᠲᠦᠭᠡᠨ ᠪᠠᠶᠢᠭᠤᠯᠬᠤ ᠶᠢ ᠵᠣᠭᠰᠣᠭᠠᠭᠰᠠᠨ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠬᠢ ᠪᠠᠶᠢᠳᠠᠯ ᠢ ᠪᠥᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠬᠤ ᠬᠡᠷᠡᠭᠲᠡᠢ︾᠃ 8 ᠰᠠᠷ᠎ᠠ ᠶᠢᠨ 19 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠨᠬᠥᠭᠵᠢᠭᠦᠯᠬᠦ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ ᠪᠠᠶᠢᠴᠠᠭᠠᠬᠤ ᠠᠵᠢᠯ ᠤᠨ ᠲᠥᠰᠥᠯ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠲᠣᠳᠣᠷᠬᠠᠢ ᠬᠠᠷᠠᠯᠲᠠ ᠲᠣᠭᠲᠠᠭᠠᠪᠠ᠃      5 ᠡᠳᠦᠷ 5 ᠲᠠᠯᠠᠪᠠᠢ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠤᠭᠰᠠᠨ ᠨᠢ ᠬᠥᠮᠥᠰ ᠤᠨ ᠤᠷᠮ᠎ᠠ ᠰᠡᠳᠬᠢᠯ ᠢ ᠬᠥᠭᠵᠢᠭᠡᠵᠦ᠂ ᠥᠪᠥᠷ ᠮᠣᠩᠭᠤᠯ ᠤᠨ ᠦᠨᠡᠨ ᠬᠦ ᠠᠳᠬᠤᠨ ᠪᠣᠳᠠᠲᠠᠢ ᠠᠵᠢᠯᠯᠠᠬᠤ ᠴᠢᠩᠭ᠎ᠠ ᠪᠣᠳᠠᠲᠠᠢ ᠠᠷᠭ᠎ᠠ ᠡᠷᠴᠢᠮ ᠤᠷᠢᠳᠤ ᠡᠮᠦᠨ᠎ᠡ ᠪᠠᠶᠢᠭ᠎ᠠ ᠦᠭᠡᠢ ᠴᠢᠩᠭᠠᠷᠠᠪᠠ᠃ ᠲᠠᠪᠤ ᠶᠢ ᠲᠤᠶᠢᠯᠪᠤᠷᠢᠲᠠᠢ ᠪᠠᠶᠢᠴᠠᠭᠠᠬᠤ ᠨᠢ ᠪᠠᠶᠢᠴᠠᠭᠠᠬᠤ ᠬᠡᠪᠴᠢᠶ᠎ᠡ ᠪᠠᠷ ᠥᠷᠭᠡᠨ᠂ ᠲᠥᠷᠥᠯ ᠬᠤᠪᠢᠶᠠᠨ ᠣᠨᠣᠪᠴᠢᠲᠠᠢ ᠰᠢᠢᠳᠪᠦᠷᠢᠯᠡᠬᠦ᠂ ᠠᠵᠢᠯ ᠤᠨ ᠬᠠᠷᠢᠭᠤᠴᠠᠯᠭ᠎ᠠ ᠪᠣᠳᠠᠲᠠᠢ᠂ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠥᠨᠳᠥᠷ ᠵᠡᠷᠭᠡ ᠣᠨᠴᠠᠯᠢᠭ ᠲᠠᠢ ᠶᠤᠮ᠃ ᠥᠪᠥᠷ ᠮᠣᠩᠭᠤᠯᠴᠤᠳ ᠤᠨ ᠶᠠᠪᠤᠳᠠᠯ ᠤᠴᠢᠷ ᠪᠦᠲᠦᠭᠡᠬᠦ ᠳᠡᠭᠡᠨ ᠳᠦᠷᠢᠮ ᠭᠤᠷᠢᠮ ᠲᠠᠢ᠂ ᠦᠯᠦ ᠬᠤᠶᠢᠷᠭᠤᠰᠢᠵᠤ ᠦᠯᠦ ᠬᠤᠰᠢᠯᠠᠭᠤᠯᠵᠤ᠂ ︽ᠶᠠᠰᠤ ᠰᠢᠷᠪᠦᠰᠦ ᠶᠢ ᠭᠡᠮᠲᠦᠭᠡᠬᠦ︾ ᠡᠷᠡᠰ ᠵᠣᠷᠢᠭ ᠢᠶᠠᠷ ︽ᠲᠤᠶᠢᠯᠪᠤᠷᠢᠲᠠᠢ ᠪᠠᠶᠢᠴᠠᠭᠠᠬᠤ︾ ᠪᠣᠳᠠᠲᠤ ᠦᠷ᠎ᠡ ᠪᠦᠲᠦᠮᠵᠢ ᠶᠢ ᠬᠥᠭᠡᠭᠡᠴᠡᠯᠳᠦᠬᠦ ᠴᠢᠩᠭ᠎ᠠ ᠳᠣᠬᠢᠶ᠎ᠠ ᠶᠢ ᠭᠦᠨᠵᠡᠭᠡᠢ ᠳᠠᠮᠵᠢᠭᠤᠯᠵᠤ᠂ ᠥᠪᠥᠷ ᠮᠣᠩᠭᠤᠯ ᠤᠨ ᠦᠨᠡᠨ ᠠᠴᠠ ᠵᠥᠪ ᠢ ᠡᠷᠢᠬᠦ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠦᠷᠢ ᠲᠥᠷᠬᠦ ᠶᠢ ᠦᠨᠡᠨ ᠬᠦ ᠪᠣᠢ ᠪᠣᠯᠭᠠᠨ᠎ᠠ᠃      ᠣᠳᠣᠬᠠᠨ ᠳᠤ᠂ ᠪᠥᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠵᠡᠷᠭᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠡᠷᠲᠡᠬᠡᠨ ᠣᠷᠣᠯᠴᠠᠵᠤ᠂ ᠠᠵᠢᠯᠯᠠᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠪᠠ︔ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠢᠨᠠᠨ ᠪᠣᠳᠣᠬᠤ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠵᠡᠷᠲᠡᠶᠢᠭᠡ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢᠳᠡᠪᠬᠢᠲᠡᠢ ᠬᠠᠮᠵᠢᠯᠴᠠᠨ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠡᠳᠬᠢᠯ ᠢᠶᠠᠷ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠬᠠᠲᠠᠭᠤ ᠳᠠᠶᠢᠯᠠᠯᠳᠤᠭᠠᠨ︾ ᠥᠪᠥᠷ ᠮᠣᠩᠭᠤᠯ ᠤᠨ ᠡᠬᠡ ᠭᠠᠵᠠᠷ ᠲᠤ ᠪᠥᠬᠦ ᠲᠠᠯ᠎ᠠ ᠪᠠᠷ ᠡᠬᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号