ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠨᠢᠭᠦᠯᠡᠰᠦᠩᠭᠦᠢ ᠶᠢᠨ ᠦᠢᠯᠡᠰ ᠤᠨ ᠱᠠᠩᠨᠠᠯ︾ ᠭᠠᠷᠳᠠᠭᠤᠯᠬᠤ ᠶᠣᠰᠣᠯᠠᠯ ᠶᠠᠪᠤᠭᠳᠠᠪᠠ  ᠴᠢ᠊ ᠪᠠᠲᠤ ᠬᠤᠷᠠᠯ ᠳᠤ ᠣᠷᠣᠯᠴᠠᠵᠤ ᠱᠠᠩᠨᠠᠯ ᠭᠠᠷᠳᠠᠭᠤᠯᠪᠠ
ᠨᠡᠶᠢᠲᠡᠯᠡᠭᠰᠡᠨ ᠴᠠᠭ᠄
2022/8/24
     8 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠨᠢᠭᠦᠯᠡᠰᠦᠩᠭᠦᠢ ᠶᠢᠨ ᠦᠢᠯᠡᠰ ᠤᠨ ᠱᠠᠩᠨᠠᠯ︾ ᠭᠠᠷᠳᠠᠭᠤᠯᠬᠤ ᠶᠣᠰᠣᠯᠠᠯ ᠬᠥᠬᠡᠬᠤᠲᠠ ᠳᠤ ᠶᠠᠪᠤᠭᠳᠠᠵᠤ᠂ 2017 ᠣᠨ ᠠᠴᠠ 2021 ᠣᠨ ᠪᠣᠯᠲᠠᠯᠠᠬᠢ ᠮᠠᠨ ᠤ ᠣᠷᠣᠨ ᠤ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ᠂ ᠲᠥᠷᠥᠯ ᠵᠦᠢᠯ᠂ ᠪᠦᠯᠬᠦᠮ ᠨᠡᠶᠢᠲᠡ ᠪᠠ ᠬᠤᠪᠢ ᠬᠥᠮᠥᠨ ᠵᠡᠷᠭᠡ ᠶᠢ 28 ᠬᠥᠬᠢᠭᠦᠯᠦᠭᠳᠡᠬᠦ ᠡᠲᠡᠭᠡᠳ ᠢ ᠬᠥᠬᠢᠭᠦᠯᠦᠨ ᠰᠠᠶᠢᠰᠢᠶᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠱᠠᠩᠨᠠᠯ ᠭᠠᠷᠳᠠᠭᠤᠯᠪᠠ᠃      ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠨᠢᠭᠦᠯᠡᠰᠦᠩᠭᠦᠢ ᠶᠢᠨ ᠦᠢᠯᠡᠰ ᠤᠨ ᠱᠠᠩᠨᠠᠯ︾ ᠨᠢ ᠨᠢᠭᠦᠯᠡᠰᠦᠩᠭᠦᠢ ᠶᠢᠨ ᠦᠢᠯᠡᠰ ᠤᠨ ᠰᠣᠶᠣᠯ ᠢ ᠤᠯᠠᠮᠵᠢᠯᠠᠨ ᠲᠠᠷᠬᠠᠭᠠᠵᠤ᠂ ᠨᠢᠭᠦᠯᠡᠰᠦᠩᠭᠦᠢ ᠶᠢᠨ ᠦᠢᠯᠡᠰ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠢᠭᠦᠯᠡᠰᠦᠩᠭᠦᠢ ᠶᠢᠨ ᠦᠢᠯᠡᠰ ᠤᠨ ᠬᠦᠴᠦᠨ ᠢ ᠨᠢᠭᠲᠠᠷᠠᠭᠤᠯᠬᠤ ᠪᠠᠷ ᠵᠣᠷᠢᠯᠭ᠎ᠠ ᠪᠣᠯᠭᠠᠪᠠ᠃ ᠲᠣᠰ ᠤᠳᠠᠭᠠᠨ ᠤ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠳᠤ᠂ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ᠂ ᠰᠦᠯᠵᠢᠶ᠎ᠡ ᠪᠠᠷ ᠪᠢᠯᠧᠲ ᠥᠭᠬᠦ᠂ ᠰᠢᠯᠭᠠᠷᠠᠭᠤᠯᠬᠤ ᠺᠣᠮᠢᠰ ᠠᠴᠠ ᠬᠢᠨᠠᠨ ᠵᠥᠪᠯᠡᠬᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ᠂ ᠨᠡᠶᠢᠭᠡᠮ ᠨᠡᠶᠢᠲᠡ ᠳᠤ ᠵᠠᠷᠯᠠᠬᠤ ᠵᠡᠷᠭᠡ ᠶᠠᠪᠤᠴᠠ ᠪᠠᠷ ᠳᠡᠮᠵᠢᠨ᠂ ᠬᠠᠮᠤᠭ ᠤᠨ ᠰᠡᠭᠦᠯ ᠳᠤ 28 ᠬᠥᠬᠢᠭᠦᠯᠦᠭᠳᠡᠬᠦ ᠡᠲᠡᠭᠡᠳ ᠢ ᠲᠣᠭᠲᠠᠭᠠᠪᠠ᠃ ᠡᠭᠦᠨ ᠳᠤ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠸᠠᠩ ᠼᠠᠢ ᠷᠦᠩ ᠵᠡᠷᠭᠡ 3 ᠬᠥᠮᠥᠨ ︽ᠬᠠᠨᠳᠢᠪᠯᠡᠭ᠌ᠰᠠᠨ ᠬᠤᠪᠢ ᠬᠥᠮᠥᠨ ᠤ ᠱᠠᠩᠨᠠᠯ︾ ᠢ ᠢᠷᠠᠭᠤ ᠠᠯᠳᠠᠷᠲᠠᠢ ᠪᠠᠷ ᠭᠥᠷᠳᠡᠪᠡ︔ ᠥᠪᠥᠷ ᠮᠣᠩᠭᠤᠯ ᠤᠨ ︽ᠬᠡᠷᠡᠯᠳᠦ ᠠᠶᠠᠨ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠡᠷᠭᠡ 5 ᠲᠥᠷᠥᠯ ᠵᠦᠢᠯ ︽ᠨᠢᠭᠦᠯᠡᠰᠦᠩᠭᠦᠢ ᠶᠢᠨ ᠦᠢᠯᠡᠰ ᠤᠨ ᠲᠥᠷᠥᠯ ᠵᠦᠢᠯ ᠤᠨ ᠱᠠᠩᠨᠠᠯ︾ ᠢ ᠭᠥᠷᠳᠡᠪᠡ︔ ᠥᠪᠥᠷ ᠮᠣᠩᠭᠤᠯ ᠤᠨ ᠾᠦᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 10 ᠠᠵᠤ ᠠᠬᠤᠶᠢᠯᠠᠯ ︽ᠬᠠᠨᠳᠢᠪᠯᠡᠭ᠌ᠰᠠᠨ ᠠᠵᠤ ᠠᠬᠤᠶᠢᠯᠠᠯ ᠤᠨ ᠱᠠᠩᠨᠠᠯ︾ ᠢ ᠭᠥᠷᠳᠡᠪᠡ︔ ︽ᠤᠮᠠᠷᠠᠲᠤ ᠬᠢᠵᠠᠭᠠᠷ ᠤᠨ ᠯᠠᠨ ᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ 10 ᠬᠠᠯᠠᠮᠵᠢ ᠶᠢᠨ ᠪᠦᠯᠬᠦᠮ ᠨᠡᠶᠢᠲᠡ ᠪᠠ ᠬᠤᠪᠢ ᠬᠥᠮᠥᠨ ︽ᠨᠢᠭᠦᠯᠡᠰᠦᠩᠭᠦᠢ ᠶᠢᠨ ᠦᠢᠯᠡᠰ ᠤᠨ ᠵᠢᠱᠢᠶᠡᠴᠢ ᠶᠢᠨ ᠱᠠᠩᠨᠠᠯ︾ ᠢ ᠢᠷᠠᠭᠤ ᠠᠯᠳᠠᠷᠲᠠᠢ ᠪᠠᠷ ᠭᠥᠷᠳᠡᠪᠡ᠃      ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠤ ᠨᠢᠭᠦᠯᠡᠰᠦᠩᠭᠦᠢ ᠶᠢᠨ ᠦᠢᠯᠡᠰ ᠲᠦᠷᠭᠡᠨ ᠬᠥᠭᠵᠢᠵᠦ᠂ ᠨᠡᠶᠢᠳᠡ 900 ᠭᠠᠷᠤᠢ ᠨᠢᠭᠦᠯᠡᠰᠦᠩᠭᠦᠢ ᠶᠢᠨ ᠦᠢᠯᠡᠰ ᠤᠨ ᠲᠦᠷᠦᠯ ᠵᠦᠢᠯ ᠢ ᠬᠡᠷᠡᠭᠵᠢᠭᠦᠯᠵᠦ᠂ 7.7 ᠳ᠋ᠦᠩᠰᠢᠭᠤᠷ ᠭᠠᠷᠤᠢ ᠲᠥᠭᠦᠷᠢᠭ ᠤᠨ ᠨᠢᠭᠦᠯᠡᠰᠦᠩᠭᠦᠢ ᠶᠢᠨ ᠦᠢᠯᠡᠰ ᠤᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ 86 ᠲᠦᠮᠡ ᠭᠠᠷᠤᠢ ᠬᠦᠴᠢᠷᠳᠡᠯᠲᠡᠢ ᠤᠯᠠᠨ ᠲᠦᠮᠡᠨ ᠳᠤ ᠴᠠᠭ ᠲᠤᠬᠠᠢ ᠳᠤ ᠨᠢ ᠬᠠᠪᠰᠤᠷᠤᠨ ᠲᠡᠳᠬᠦᠬᠦ ᠪᠠ ᠬᠠᠶᠢᠷ᠎ᠠ ᠬᠠᠯᠠᠮᠵᠢ ᠬᠦᠷᠲᠡᠭᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号