︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ᠂ ᠾᠧ ᠬᠠᠢ ᠳ᠋ᠦᠩ ᠨᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠤ | ᠲᠥᠪ ᠤᠨ ᠵᠣᠬᠢᠶᠠᠨ ᠪᠠᠶᠢᠭᠤᠯᠤᠭᠰᠠᠨ ᠶᠠᠪᠤᠴᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠠᠪᠴᠠᠩ ᠤᠨ | ᠪᠠᠶᠢᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠨᠠᠷᠢᠨ | ᠰᠣᠨᠣᠰᠴᠤ᠂ ᠲᠡᠷᠢᠭᠦᠨ ᠤ ᠮᠠᠲ᠋ᠧᠷᠢᠶᠠᠯ᠂ ᠣᠶᠤᠨᠴᠢ ᠦᠢᠯᠡᠳᠬᠡᠯ᠂ ᠤᠳᠤ ᠦᠶ᠎ᠡ ᠶᠢᠨ ᠡᠨᠧᠷᠭᠢ᠂ ᠪᠣᠬᠢᠷᠳᠤᠯ ᠦᠭᠡᠢ | ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ᠂ ᠠᠮᠢᠳᠤ ᠪᠣᠳᠠᠰ ᠤᠨ ᠡᠮ ᠡᠮᠨᠡᠯᠭᠡ᠂ | ᠲᠣᠭᠠᠴᠢᠯᠠᠭᠰᠠᠨ ᠠᠵᠤ ᠠᠬᠤᠢ᠂ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠵᠡᠷᠭᠡ ᠬᠦᠷᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠲᠦᠷᠦᠯ ᠵᠦᠢᠯ ᠤᠨ ᠣᠷᠣᠨ ᠤ | ᠲᠥᠪ ᠲᠤ ᠨᠤᠲᠤᠭᠰᠢᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠵᠤ | ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠪᠡ᠃ | ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠭᠰᠡᠨ ᠨᠢ᠂ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠨᠳᠥᠷ ᠲᠦᠪᠰᠢᠨ ᠲᠠᠢ ᠰᠢᠨᠵᠢᠯᠡᠬᠦ | ᠤᠬᠠᠭᠠᠨ ᠮᠡᠷᠭᠡᠵᠢᠯ ᠤᠨ ᠬᠠᠩᠭᠠᠯᠭ᠎ᠠ ᠪᠠᠷ ᠲᠤᠯᠭᠠᠭᠤᠷᠢᠯᠠᠯ ᠪᠣᠯᠭᠠᠬᠤ ᠬᠡᠷᠡᠭᠲᠡᠢ᠃ ᠲᠤᠰ ᠲᠥᠪ ᠤᠨ ᠬᠢᠨ | ᠴᠢᠳᠠᠪᠤᠷᠢᠲᠠᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠲᠠᠪᠴᠠᠩ ᠳᠤ | ᠬᠦᠴᠦ ᠨᠡᠮᠡᠷᠢᠯᠡᠵᠦ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ ᠰᠢᠢᠳᠪᠦᠷᠢᠯᠡᠨ᠂ | ᠰᠢᠨ᠎ᠡ ᠶᠢ ᠡᠭᠦᠳᠬᠦ ᠥᠪᠡᠷ ᠤᠨ ᠥᠷᠲᠡᠭ ᠢ ᠪᠠᠭᠤᠷᠠᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠲᠤᠰᠠᠯᠠᠵᠤ᠂ ᠣᠷᠣᠨ ᠤ ᠲᠥᠪ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠵᠤ᠂ ᠨᠠᠩ ᠣᠯᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠤᠯᠠᠷᠢᠭᠤᠯᠤᠨ ᠪᠣᠳᠠᠲᠠᠶᠢᠵᠢᠭᠤᠯᠬᠤ ᠶᠢ ᠬᠦᠰᠡᠵᠦ ᠪᠠᠶᠢᠨ᠎ᠠ᠃ ᠬᠡᠷᠡᠭᠴᠡᠭᠡ ᠪᠠᠷ ᠤᠳᠤᠷᠢᠳᠤᠮᠵᠢ | ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ | ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠤ | ᠪᠡᠷᠬᠡ ᠰᠡᠳᠦᠪ ᠪᠠ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠦᠷᠭᠦᠯᠵᠢᠯᠡᠨ ᠰᠢᠢᠳᠪᠦᠷᠢᠯᠡᠵᠦ᠂ | ᠬᠡᠷᠡᠭᠯᠡᠭᠡᠨ ᠤ ᠠᠬᠤᠢ ᠪᠠᠶᠢᠳᠠᠯ ᠢ ᠢᠳᠡᠪᠬᠢᠲᠡᠢ ᠪᠠᠷ ᠥᠷᠭᠡᠳᠬᠡᠨ᠂ ᠭᠤᠣᠯᠯᠠᠬᠤ ᠥᠷᠢᠰᠦᠯᠳᠦᠬᠦ ᠬᠦᠴᠦᠨ ᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠵᠤ᠂ ᠣᠷᠣᠨ ᠤ ᠲᠥᠪ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠪᠡ᠃ ᠡᠭᠦᠨ ᠤ | ᠬᠠᠮᠲᠤ ᠲᠡᠷᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ︽ᠦᠢᠯᠡᠴᠢᠯᠡᠭᠴᠢ︾ | ᠪᠣᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ | ᠣᠯᠠᠨ ᠴᠢᠳᠠᠪᠤᠷᠢᠲᠠᠨ ᠣᠶᠤᠨ ᠴᠢᠳᠠᠯ ᠢᠶᠠᠨ ᠲᠥᠪᠯᠡᠷᠡᠭᠦᠯᠦᠨ᠂ ᠰᠡᠳᠬᠢᠯ ᠰᠠᠨᠠᠭ᠎ᠠ ᠪᠠᠨ ᠨᠢᠭᠡᠳᠬᠡᠨ ᠬᠢᠬᠦ ᠶᠣᠰᠣᠲᠠᠢ | ᠠᠵᠢᠯ ᠢᠶᠠᠨ ᠰᠠᠶᠢᠲᠤᠷ ᠬᠢᠬᠦ ᠳᠤ ᠦᠢᠯᠡᠴᠢᠯᠡᠵᠦ᠂ ᠴᠢᠳᠠᠪᠤᠷᠢᠲᠠᠨ ᠢᠶᠠᠷ ᠬᠥᠭᠵᠢᠯᠲᠡ ᠶᠢ ᠠᠬᠢᠭᠤᠯᠵᠤ᠂ | ᠬᠥᠭᠵᠢᠯᠲᠡ ᠪᠠᠷ ᠴᠢᠳᠠᠪᠤᠷᠢᠲᠠᠨ ᠢ ᠴᠤᠭᠯᠠᠷᠠᠭᠤᠯᠬᠤ ᠬᠡᠷᠡᠭᠲᠡᠢ ᠭᠡᠵᠦ ᠵᠠᠬᠢᠵᠠᠢ᠃ | ᠳᠡᠳ᠋ ᠬᠤᠳᠠ ᠶᠢᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠯᠢ ᠰᠢᠶᠣᠣ ᠶᠠᠨ᠂ ᠬᠥᠬᠡᠬᠤᠲᠠ ᠶᠢᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ | ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |