ᠪᠣᠣ ᠭᠠᠩ ᠮᠠᠨ ᠤ ᠬᠤᠳᠠ ᠶᠢᠨ ᠬᠡᠰᠡᠭ ᠰᠢᠨ᠎ᠡ ᠪᠠᠷ ᠪᠠᠶᠢᠭᠤᠯᠤᠭᠰᠠᠨ ᠥᠭᠡᠷᠡᠴᠢᠯᠡᠨ ᠪᠠᠶᠢᠭᠤᠯᠤᠭᠰᠠᠨ ᠥᠷᠭᠡᠳᠬᠡᠨ ᠪᠠᠶᠢᠭᠤᠯᠤᠭᠰᠠᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/24
      ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠬᠡᠰᠡᠭ ᠰᠢᠨ᠎ᠡ ᠪᠠᠷ ᠪᠠᠶᠢᠭᠤᠯᠤᠭᠰᠠᠨ ᠥᠭᠡᠷᠡᠴᠢᠯᠡᠨ ᠪᠠᠶᠢᠭᠤᠯᠤᠭᠰᠠᠨ ᠥᠷᠭᠡᠳᠬᠡᠨ ᠪᠠᠶᠢᠭᠤᠯᠤᠭᠰᠠᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠪᠣᠣ ᠭᠠᠩ ᠤᠷᠢᠳ ᠬᠤᠵᠢᠳ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠤ᠋ ᠢ ᠰᠤᠷᠭᠠᠭᠤᠯᠢ ᠶᠢᠨ ᠲᠣᠭᠤᠷᠢᠭ ᠤᠨ ᠥᠷᠭᠡᠳᠬᠡᠨ ᠪᠠᠶᠢᠭᠤᠯᠬᠤ ᠲᠦᠷᠦᠯ ᠵᠦᠢᠯ᠂ ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ᠂ ᠬᠤᠳᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠶᠢᠨ ᠳ᠋ᠢ ᠰᠤᠷᠭᠠᠭᠤᠯᠢ ᠶᠢᠨ ᠲᠣᠭᠤᠷᠢᠭ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠰᠤᠷᠭᠠᠭᠤᠯᠢ ᠶᠢᠨ ᠲᠣᠭᠤᠷᠢᠭ ᠢ ᠬᠠᠮᠲᠤ ᠬᠡᠷᠡᠭᠯᠡᠵᠦ ᠪᠠᠶᠢᠭ᠎ᠠ ᠬᠤᠲᠣᠩ ᠠᠷᠠᠳ ᠤᠨ ᠲᠣᠭᠤᠷᠢᠭ ᠤᠨ ᠨᠣᠮ ᠤᠨ ᠰᠠᠩ ᠳᠤ ᠬᠦᠷᠴᠦ᠂ ᠵᠢᠭᠠᠨ ᠰᠤᠷᠭᠠᠯᠲᠠ ᠶᠢᠨ ᠠᠰᠠᠷ ᠪᠠ ᠰᠤᠷᠤᠭᠴᠢᠳ ᠤᠨ ᠬᠢᠴᠢᠶᠡᠯ ᠤᠨ ᠭᠡᠷ ᠲᠤ ᠣᠷᠣᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠰᠤᠷᠭᠠᠭᠤᠯᠢ ᠡᠬᠢᠯᠡᠬᠦ ᠪᠡᠯᠡᠳᠬᠡᠯ ᠤᠨ ᠪᠠᠶᠢᠳᠠᠯ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠵᠦ᠂ ᠰᠢᠨ᠎ᠡ ᠪᠠᠷ ᠨᠡᠮᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢᠨ ᠬᠡᠮᠵᠢᠶ᠎ᠡ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ᠂ ᠰᠣᠷᠣᠭᠴᠢ ᠡᠯᠰᠡᠬᠦ ᠨᠡᠷ᠎ᠡ ᠮᠡᠳᠡᠭᠦᠯᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠠᠵᠢᠯ ᠢ ᠨᠠᠷᠢᠨ ᠨᠢᠮᠪᠠᠢ ᠠᠰᠠᠭᠤᠨ ᠯᠠᠪᠯᠠᠪᠠ᠃ ᠲᠡᠷᠡ ᠬᠡᠯᠡᠬᠦ ᠳᠡᠭᠡᠨ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠣᠯᠵᠤ ᠪᠠᠶᠢᠨ᠎ᠠ᠂ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠠᠶᠢᠭ᠎ᠠ ᠰᠤᠷᠭᠠᠭᠤᠯᠢ ᠴᠡᠴᠡᠷᠯᠢᠭ ᠤᠨ ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠶᠠᠭᠠᠷᠠᠪᠴᠢᠯᠠᠨ ᠲᠡᠭᠦᠯᠳᠡᠷᠵᠢᠭᠦᠯᠵᠦ᠂ ᠪᠠᠭᠰᠢ ᠰᠤᠷᠤᠭᠴᠢᠳ ᠲᠤ ᠠᠶᠤᠯᠭᠦᠢ ᠲᠠᠭᠠᠯᠠᠮᠵᠢᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠭᠤᠷᠬᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠵᠠᠮ ᠬᠠᠷᠢᠯᠴᠠᠭ᠎ᠠ᠂ ᠭᠠᠯ ᠰᠡᠷᠭᠡᠶᠢᠯᠡᠬᠦ᠂ ᠢᠳᠡᠭᠡᠨ ᠤ ᠠᠷᠢᠭᠤᠨ ᠴᠡᠪᠡᠷ ᠵᠡᠷᠭᠡ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠪᠠᠷ ᠪᠠᠶᠢᠭᠤᠯᠵᠤ᠂ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠠᠶᠢᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠭᠡ ᠲᠠᠢ ᠬᠤᠯᠪᠣᠭᠳᠠᠵᠤ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠮᠥᠨᠴᠦ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ᠂ ᠬᠤᠳᠠ ᠶᠢᠨ ᠲᠠᠲᠠᠬᠤ ᠬᠦᠴᠦᠨ᠂ ᠲᠥᠪᠯᠡᠷᠡᠭᠦᠯᠬᠦ ᠬᠦᠴᠦᠨ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠮᠠᠨ ᠤ ᠬᠤᠳᠠ ᠶᠢᠨ ︽ᠰᠤᠷᠤᠯᠴᠠᠬᠤ ᠳᠤ ᠲᠣᠬᠢᠷᠠᠮᠵᠢᠲᠠᠢ ᠬᠤᠳᠠ︾ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠶᠣᠰᠣᠭᠠᠷ᠂ ᠪᠠᠶᠢᠭᠤᠯᠵᠤ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠡᠳ᠋ ᠬᠥᠷᠥᠩᠭᠡ ᠶᠢ ᠪᠦᠬᠦ ᠲᠠᠯ᠎ᠠ ᠪᠠᠷ ᠡᠮᠬᠢᠯᠡᠵᠦ᠂ ︽ᠡᠬᠢ ᠪᠠᠶᠠᠯᠢᠭ ᠢ ᠨᠡᠶᠢᠳᠬᠡᠬᠦ᠂ ᠠᠮᠢᠳᠤᠯᠢᠭ ᠢᠶᠠᠷ ᠠᠰᠢᠭᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠤᠯᠤᠰ ᠢ ᠬᠠᠷᠠᠵᠤ᠂ ᠨᠡᠩ ᠤᠯᠠᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠡᠳᠡᠨ ᠤ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠤ ᠲᠥᠪ ᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠬᠥᠭᠵᠢᠭᠡᠬᠦ ᠬᠡᠷᠡᠭᠲᠡᠢ᠃ ᠰᠠᠶᠢᠨ ᠰᠤᠷᠭᠠᠭᠤᠯᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠭᠤᠯᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠦᠨᠡᠨᠬᠦ ᠭᠦᠨᠵᠡᠭᠡᠢ ᠨᠠᠷᠢᠯᠢᠭ ᠪᠣᠳᠠᠲᠠᠢ ᠰᠦᠪᠡᠭᠴᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠪᠠ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号