ᠾᠧ ᠬᠠᠢ ᠳ᠋ᠦᠩ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠵᠦ ᠰᠢᠨ ᠶᠤᠸᠠᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/25
      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠵᠦ ᠰᠢᠨ ᠶᠤᠸᠠᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠵᠦ ᠰᠢᠨ ᠶᠤᠸᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠵᠤ ᠪᠠᠶᠢᠨ᠎ᠠ᠂ ᠡᠳᠡᠭᠡᠷ ᠠᠵᠤ ᠦᠢᠯᠡᠰ ᠤᠨ ᠬᠥᠭᠵᠢᠯᠲᠡ ᠨᠢ ᠴᠥᠮ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠴᠢᠳᠠᠪᠤᠷᠢᠲᠠᠨ ᠠᠴᠠ ᠰᠠᠯᠵᠤ ᠴᠢᠳᠠᠬᠤ ᠦᠭᠡᠢ ᠶᠤᠮ ᠃ ᠬᠤᠶᠠᠷ ᠲᠠᠯ᠎ᠠ ᠪᠠᠷ ᠢᠶᠠᠨ ᠤᠳᠤ ᠶᠢᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠬᠤᠳᠠ ᠰᠤᠷᠭᠠᠭᠤᠯᠢ ᠶᠢᠨ ᠬᠠᠮᠲᠤᠷᠠᠯᠴᠠᠭ᠎ᠠ ᠳᠤ ᠨᠡᠩ ᠶᠡᠭᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ᠃ ᠣᠷᠣᠨ ᠤ ᠲᠥᠪ ᠬᠤᠲᠠ ᠡᠯ᠎ᠡ ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠴᠢᠳᠠᠪᠤᠷᠢᠲᠠᠨ ᠪᠣᠯᠣᠨ ᠠᠵᠤ ᠠᠬᠤᠶᠢᠯᠠᠯ ᠳᠤ ᠪᠦᠬᠦ ᠬᠦᠴᠦᠨ ᠢᠶᠠᠷ ᠢᠶᠠᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠬᠠᠩᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠳᠠᠶᠢᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠳᠡᠮᠵᠢᠯᠭᠡ ᠦᠵᠡᠭᠦᠯᠬᠦ ᠪᠠ ᠪᠠᠲᠤᠯᠠᠭ᠎ᠠ ᠬᠠᠩᠭᠠᠬᠤ ᠪᠠᠨ ᠴᠢᠩᠭᠠᠳᠬᠠᠨ᠎ᠠ ᠭᠡᠵᠡᠢ᠃      ᠵᠦ ᠰᠢᠨ ᠶᠤᠸᠠᠨ ᠬᠥᠬᠡᠬᠤᠲᠠ ᠶᠢᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠬᠦᠴᠦᠳᠡᠢ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠥᠭᠡᠳ ᠪᠠᠰᠠ ᠮᠠᠰᠢ ᠶᠡᠭᠡ ᠬᠠᠮᠲᠤᠷᠠᠯᠴᠠᠭᠠᠨ ᠤ ᠳᠠᠯᠳᠠ ᠬᠦᠴᠦᠨ ᠲᠠᠢ ᠶᠤᠮ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠬᠤᠳᠠ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠡᠢ᠃      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号