ᠾᠧ ᠬᠠᠢ ᠳ᠋ᠦᠩ᠄ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/8/25
       ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠡᠨᠬᠦ ᠠᠷᠠᠳ ᠤᠯᠠᠨ ᠤ ᠲᠠᠯ᠎ᠠ ᠠᠴᠠ ᠡᠭᠦᠰᠴᠦ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠲᠦᠷᠭᠡᠳᠬᠡᠨ ᠠᠬᠢᠭᠤᠯᠵᠤ᠂ ᠬᠠᠭᠤᠴᠢᠨ ᠬᠤᠷᠢᠶᠠᠯᠠᠯ ᠢ ᠶᠡᠬᠡᠪᠡᠷ ᠥᠭᠡᠷᠡᠴᠢᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠨᠠᠷ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠬᠠᠭᠤᠴᠢᠨ ᠠᠶᠢᠯ ᠲᠣᠰᠬᠤᠨ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠲᠣᠰᠬᠤᠨ᠂ ᠬᠥᠬᠡᠬᠤᠲᠠ ᠶᠢᠨ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠬᠢᠵᠢᠭ ᠢ ᠰᠡᠷᠭᠡᠶᠢᠯᠡᠬᠦ ᠰᠡᠷᠭᠡᠶᠢᠯᠡᠨ ᠬᠠᠮᠠᠭᠠᠯᠠᠬᠤ ᠵᠢᠭᠠᠨ ᠰᠤᠷᠭᠠᠯᠲᠠ ᠶᠢᠨ ᠲᠣᠭᠤᠷᠢᠭ᠂ ᠢᠦᠢ ᠴᠢᠤᠸᠠᠨ ᠲᠣᠭᠤᠷᠢᠭ ᠤᠨ ᠵᠢᠢ ᠲᠠᠢ ᠪᠧᠢ ᠬᠤᠷᠢᠶᠠᠯᠠᠯ᠂ ᠰᠠᠶᠢᠬᠠᠨ ᠲᠣᠭᠤᠷᠢᠭ ᠤᠨ ᠪᠠᠪᠠᠢ ᠲᠣᠰᠬᠤᠨ ᠳᠤ ᠬᠦᠷᠴᠦ᠂ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ ᠨᠢᠭᠤᠷ ᠵᠣᠯᠭᠠᠨ ᠠᠰᠠᠭᠤᠨ ᠯᠠᠪᠯᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠮᠠᠨ ᠤ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠣᠯᠠᠨ ᠲᠦᠮᠡᠨ ᠤ ᠬᠡᠷᠡᠭᠴᠡᠭᠡ᠂ ᠪᠣᠳᠣᠯ᠂ ᠬᠦᠴᠢᠷᠳᠡᠯ ᠢ ᠨᠠᠷᠢᠨ ᠣᠶᠢᠯᠠᠭᠠᠪᠠ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ︽ᠨᠡᠭᠦᠷᠡᠰᠦ ᠶᠢ ᠰᠢᠲᠠᠮᠠᠬᠠᠢ ᠬᠡᠢ ᠪᠠᠷ ᠰᠣᠯᠢᠬᠤ︾ ︽ᠨᠡᠭᠦᠷᠡᠰᠦ ᠶᠢ ᠴᠠᠬᠢᠯᠭᠠᠨ ᠢᠶᠠᠷ ᠰᠣᠯᠢᠬᠤ︾ ︽ᠲᠥᠪᠯᠡᠷᠡᠭᠦᠯᠦᠨ ᠢᠯᠴᠢ ᠬᠠᠩᠭᠠᠬᠤ︾ ᠪᠣᠯ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠂ ᠡᠪᠦᠯ ᠤᠨ ᠤᠯᠠᠷᠢᠯ ᠤᠨ ᠴᠡᠪᠡᠷ ᠡᠨᠧᠷᠭᠢ ᠶᠢᠨ ᠰᠤᠷᠪᠤᠯᠵᠢ ᠪᠠᠷ ᠢᠯᠴᠢ ᠬᠠᠩᠭᠠᠬᠤ ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠤᠷᠢᠳᠴᠢᠯᠠᠨ ᠪᠠᠶᠢᠷᠢᠯᠠᠭᠤᠯᠵᠤ᠂ ︽ᠨᠡᠭᠦᠷᠡᠰᠦ ᠬᠡᠷᠡᠭᠯᠡᠬᠦ ᠳᠤ ᠲᠣᠬᠢᠷᠠᠪᠠᠯ ᠨᠡᠭᠦᠷᠡᠰᠦ᠂ ᠬᠡᠢ ᠬᠡᠷᠡᠭᠯᠡᠬᠦ ᠳᠤ ᠲᠣᠬᠢᠷᠠᠪᠠᠯ ᠬᠡᠢ᠂ ᠴᠠᠬᠢᠯᠭᠠᠨ ᠬᠡᠷᠡᠭᠯᠡᠬᠦ ᠳᠤ ᠲᠣᠬᠢᠷᠠᠪᠠᠯ ᠴᠠᠬᠢᠯᠭᠠᠨ᠂ ᠢᠯᠴᠢ ᠬᠡᠷᠡᠭᠯᠡᠬᠦ ᠳᠤ ᠲᠣᠬᠢᠷᠠᠪᠠᠯ ᠢᠯᠴᠢ ᠬᠡᠷᠡᠭᠯᠡᠬᠦ︾ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠪᠠ ᠠᠷᠢᠭᠤᠨ ᠴᠡᠪᠡᠷ ᠳᠤᠯᠠᠭᠠᠯᠠᠭ᠎ᠠ ᠶᠢᠨ ᠮᠡᠷᠭᠡᠵᠢᠯ ᠤᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠠᠰᠠᠬᠤ ᠠᠷᠭ᠎ᠠ ᠬᠡᠮᠵᠢᠶ᠎ᠡ ᠶᠢᠨ ᠴᠢᠭᠯᠡᠭᠦᠯᠦᠯᠲᠦ ᠴᠢᠨᠠᠷ ᠢ ᠴᠢᠩᠭᠠᠳᠬᠠᠨ᠂ ᠣᠯᠠᠨ ᠲᠦᠮᠡᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠳᠥᠭᠦᠮᠬᠡᠨ ᠢᠶᠠᠷ ︽ᠨᠢᠭᠡ ᠯᠡ ᠠᠳᠠᠯᠢ ᠪᠠᠷ ᠱᠠᠭᠠᠷᠳᠠᠵᠤ︾ ᠪᠣᠯᠬᠤ ᠦᠭᠡᠢ᠂ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠢ᠃ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠳᠤ ᠰᠠᠭᠤᠭᠠᠯᠢ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠦᠰᠡᠭᠰᠡᠨ ᠢᠶᠠᠷ ᠥᠭᠡᠷᠡᠴᠢᠯᠡᠵᠦ᠂ ᠥᠭᠡᠷᠡᠴᠢᠯᠡᠬᠦ ᠪᠠᠷ ᠳᠠᠮᠵᠢᠭᠤᠯᠤᠨ ᠰᠠᠭᠤᠭᠠᠯᠢ ᠠᠷᠠᠳ ᠤᠨ ᠠᠩᠬᠠᠷᠴᠤ ᠬᠠᠯᠠᠮᠵᠢᠯᠠᠵᠤ ᠪᠠᠶᠢᠭ᠎ᠠ ︽ᠲᠦᠪᠡᠭᠲᠡᠢ︾ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠥᠭᠡᠷᠡᠴᠢᠯᠡᠭᠰᠡᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠠᠨ ᠲᠦᠮᠡᠨ ᠳᠤ ᠲᠠᠭᠠᠯᠠᠮᠵᠢᠲᠠᠢ᠂ ᠳᠥᠭᠦᠮ ᠳᠥᠲᠡ᠂ ᠠᠶᠤᠯᠭᠦᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭ᠎ᠠ ᠪᠠᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠩᠭᠤ ᠶᠢᠨ ᠴᠢᠨᠠᠷᠲᠠᠢ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡᠳᠦᠭᠡᠷ ᠹᠷᠣᠨᠲ ᠤᠨ ᠪᠠᠶᠢᠴᠠᠭᠠᠨ ᠰᠢᠯᠭᠠᠬᠤ ᠠᠵᠢᠯᠲᠠᠨ ᠪᠠ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠵᠦᠢᠯ ᠤᠨ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠪᠠᠶᠢᠴᠠᠭᠠᠨ ᠰᠢᠯᠭᠠᠬᠤ ᠠᠵᠢᠯ ᠤᠨ ᠥᠨᠳᠥᠷ ᠪᠦᠲᠦᠮᠵᠢᠲᠡᠢ᠂ ᠣᠨᠣᠪᠴᠢᠲᠠᠢ ᠪᠠᠶᠢᠬᠤ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号