ᠪᠣᠣ ᠭᠠᠩ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/25
      ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠡᠮᠦᠨ᠎ᠡ ᠹᠷᠣᠨᠲ ᠤᠨ ᠠᠷᠠᠳ ᠤᠨ ᠴᠠᠭᠳᠠᠭ᠎ᠠ ᠶᠢ ᠡᠷᠬᠢᠨ ᠦᠵᠡᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠶᠢᠨ ᠲᠣᠮᠢᠯᠠᠭᠰᠠᠨ ᠰᠠᠯᠪᠤᠷᠢ ᠳᠤ᠂ ᠪᠣᠣ ᠭᠠᠩ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠣᠩᠬᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠣᠭᠤᠷᠢᠭ ᠪᠠ ᠶᠡᠷᠦᠩᠬᠡᠶᠢᠯᠡᠭᠰᠡᠨ ᠵᠢᠯᠤᠭᠤᠳᠬᠤ ᠲᠠᠰᠤᠭ ᠲᠤ ᠬᠦᠷᠴᠦ᠂ ᠬᠠᠷᠢᠶ᠎ᠠ ᠣᠷᠣᠨ ᠤ ᠬᠥᠮᠥᠨ ᠤ ᠲᠤᠭ᠎ᠠ᠂ ᠰᠠᠭᠤᠭᠠᠯᠢ ᠠᠷᠠᠳ ᠤᠨ ᠣᠴᠢᠷ ᠶᠠᠪᠤᠳᠠᠯ ᠢ ᠰᠢᠢᠳᠪᠦᠷᠢᠯᠡᠬᠦ᠂ ᠬᠡᠷᠡᠭ ᠢ ᠲᠠᠩᠨᠠᠨ ᠰᠢᠢᠳᠪᠦᠷᠢᠯᠡᠬᠦ ᠪᠠ ᠠᠷᠠᠳ ᠤᠨ ᠴᠠᠭᠳᠠᠭ᠎ᠠ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠥᠬᠦ ᠬᠤᠲᠠ ᠶᠢᠨ ᠲᠣᠮᠢᠯᠠᠭᠰᠠᠨ ᠰᠠᠯᠪᠤᠷᠢ ᠶᠢᠨ ᠵᠢᠷᠤᠮᠵᠢᠭᠰᠠᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠲᠣᠮᠢᠯᠠᠭᠰᠠᠨ ᠰᠠᠯᠪᠤᠷᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠳᠣᠲᠣᠭᠠᠳᠤ ᠶᠠᠪᠤᠳᠠᠯ ᠤᠨ ᠲᠣᠬᠢᠷᠠᠭᠤᠯᠤᠯᠲᠠ ᠶᠢ ᠵᠢᠷᠤᠮᠵᠢᠭᠤᠯᠤᠨ᠂ ᠭᠠᠳᠠᠨᠠᠬᠢ ᠲᠡᠮᠳᠡᠭ ᠢ ᠨᠢᠭᠡᠳᠬᠡᠵᠦ᠂ ᠬᠡᠷᠡᠭ ᠭᠠᠷᠬᠤ ᠨᠣᠷᠮ᠎ᠠ ᠶᠢ ᠪᠠᠭᠤᠷᠠᠭᠤᠯᠬᠤ᠂ ᠬᠡᠷᠡᠭ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠪᠠᠷᠢᠮᠵᠢᠶ᠎ᠠ ᠪᠣᠯᠭᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠬᠤᠲᠤᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠪᠣᠯᠣᠨ ᠰᠢᠨᠬᠤᠸᠠ ᠪᠠᠷᠠᠭᠤᠨ ᠵᠡᠭᠡᠯᠢ ᠶᠢᠨ ᠲᠣᠨᠣᠯᠵᠢᠨ ᠵᠠᠮ ᠳᠡᠭᠡᠷ᠎ᠡ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠭᠰᠠᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠪᠣᠯ ᠬᠤᠲᠠ ᠶᠢᠨ ᠪᠣᠯᠪᠠᠰᠤᠨ ᠵᠠᠮ ᠬᠠᠷᠢᠯᠴᠠᠭᠠᠨ ᠤ ᠬᠠᠮᠠᠭᠠᠯᠠᠭᠴᠢ ᠪᠣᠯᠬᠤ ᠪᠠᠷ ᠪᠠᠷᠠᠬᠤ ᠦᠭᠡᠢ᠂ ᠪᠠᠰᠠ ᠴᠤ ᠬᠤᠲᠠ ᠶᠢᠨ ᠳᠦᠷᠢ ᠲᠥᠷᠬᠦ ᠶᠢᠨ ︽ᠣᠷᠣᠯᠠᠨ ᠥᠭᠦᠯᠡᠭᠴᠢ︾ ᠮᠥᠨ᠂ ᠣᠷᠣᠨ ᠤ ᠲᠥᠪ ᠤᠨ ᠵᠠᠮ ᠬᠠᠷᠢᠯᠴᠠᠭᠠᠨ ᠤ ᠴᠠᠭᠳᠠᠭ᠎ᠠ ᠨᠢ ᠣᠷᠣᠨ ᠤ ᠲᠥᠪ ᠤᠨ ᠬᠤᠲᠠ ᠶᠢᠨ ᠳᠦᠷᠢ ᠲᠥᠷᠬᠦ ᠪᠠ ᠵᠠᠮ ᠬᠠᠷᠢᠯᠴᠠᠭᠠᠨ ᠤ ᠵᠠᠰᠠᠯᠲᠠ ᠶᠢᠨ ᠬᠢᠷᠢ ᠲᠦᠪᠰᠢᠨ ᠢ ᠬᠠᠷᠠᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠵᠠᠰᠠᠯᠲᠠ ᠪᠠᠷ ᠬᠤᠲᠠ ᠶᠢᠨ ᠠᠷᠠᠳ ᠲᠤ ︽ᠵᠠᠮ ᠰᠢᠯᠤᠭᠤᠨ ᠳᠠᠷᠳᠠᠩ ᠰᠡᠳᠬᠢᠯ ᠠᠭᠤᠵᠢᠭᠤ ᠲᠠᠯᠪᠢᠭᠤ ︾ ᠶᠠᠪᠤᠵᠤ ᠰᠠᠭᠤᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠲᠤ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ᠂ ᠤᠷᠢᠳᠴᠢᠯᠠᠨ ᠰᠡᠷᠡᠮᠵᠢᠯᠡᠭᠦᠯᠵᠦ ᠢᠳᠬᠠᠨ ᠪᠣᠯᠢᠭᠤᠯᠬᠤ᠂ ᠵᠣᠭᠤᠰ ᠥᠭᠬᠦ ᠶᠢ  ᠪᠣᠯᠢᠭᠤᠯᠵᠤ ᠬᠤᠬᠢᠷᠠᠯ ᠢ ᠪᠠᠭᠠᠰᠬᠠᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠤ ᠵᠣᠭᠤᠰᠤᠨ ᠤ ᠴᠦᠩᠬᠦ ᠶᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠪᠠ᠃      ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠬᠤᠯ ᠡᠪᠡᠳᠴᠢᠨ ᠢ ᠮᠥᠷᠳᠡᠨ ᠪᠠᠶᠢᠴᠠᠭᠠᠬᠤ ᠠᠵᠢᠯ ᠤᠨ ᠲᠤᠰᠬᠠᠢ ᠠᠩᠭᠢ ᠶᠢᠨ ᠠᠵᠢᠯᠯᠠᠵᠤ ᠪᠠᠶᠢᠭ᠎ᠠ ᠭᠠᠵᠠᠷ ᠲᠤ᠂ ᠪᠣᠣ ᠭᠠᠩ ᠮᠠᠨ ᠤ ᠬᠤᠳᠠ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠬᠤᠯ ᠡᠪᠡᠳᠴᠢᠨ ᠢ ᠮᠥᠷᠳᠡᠨ ᠪᠠᠶᠢᠴᠠᠭᠠᠬᠤ ᠶᠡᠷᠦᠩᠬᠡᠢ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠠᠵᠢᠯ ᠢ ᠨᠤᠲᠠᠯᠠᠭᠰᠠᠨ ᠤ ᠬᠠᠮᠲᠤ ᠲᠤᠰᠬᠠᠢ ᠠᠩᠭᠢ ᠶᠢᠨ ᠬᠢᠨ ︽ᠲᠦᠷᠭᠡᠨ ᠣᠨᠣᠪᠴᠢᠲᠠᠢ ᠨᠠᠷᠢᠯᠢᠭ︾ ᠢ ᠦᠷᠭᠦᠯᠵᠢᠯᠡᠨ ᠲᠤᠪᠤᠶᠢᠯᠭᠠᠵᠦ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠠᠨᠠᠭᠠᠴᠢᠯᠠᠭᠠᠲᠤ ᠡᠷᠬᠡ ᠶᠢ ᠣᠯᠬᠤ ᠬᠡᠷᠡᠭᠲᠡᠢ ᠭᠡᠵᠦ ᠱᠠᠭᠠᠷᠳᠠᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠪᠠ   ᠬᠠᠮᠳᠤᠷᠠᠭᠰᠠᠨ ᠪᠠᠶᠢᠯᠳᠤᠭᠠᠨ ᠤ ᠵᠢᠯᠤᠭᠤᠳᠬᠤ ᠶᠡᠭᠡ ᠲᠢᠩᠬᠢᠮ ᠳᠤ᠂ ᠣᠶᠤᠨᠲᠤ ᠳᠣᠲᠣᠭᠠᠳᠤ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠠᠤᠯᠢᠵᠢᠯ ᠤᠨ ᠲᠥᠪ ᠬᠤᠲᠠ᠂ ᠠᠮᠤᠷ ᠠᠮᠤᠭᠤᠯᠠᠩ ᠲᠥᠪ ᠬᠤᠲᠠ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ ᠬᠡᠯᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠵᠦᠢᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠬᠦᠴᠦᠲᠡᠢ ᠴᠣᠬᠢᠯᠲᠠ ᠥᠭᠴᠦ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠨ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠦᠨᠡᠨᠴᠢ ᠰᠢᠳᠤᠷᠭᠤ ᠬᠠᠷᠢᠭᠤᠴᠠᠯᠭ᠎ᠠ ᠪᠠᠨ ᠬᠠᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠲᠤᠰᠬᠠᠯ ᠲᠦᠷᠭᠡᠨ᠂ ᠰᠢᠢᠳᠪᠦᠷᠢᠯᠡᠬᠦ ᠨᠢ ᠬᠦᠴᠦᠲᠡᠢ ᠪᠠᠶᠢᠬᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠥᠨᠳᠥᠷ ᠪᠦᠲᠦᠮᠵᠢᠲᠡᠢ ᠣᠨᠣᠪᠴᠢᠲᠠᠢ ᠰᠡᠷᠭᠡᠶᠢᠯᠡᠨ ᠡᠵᠡᠮᠳᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠢᠵᠢᠭ ᠤᠨ ᠪᠠᠶᠢᠳᠠᠯ ᠤᠨ ᠲᠠᠬᠢᠨ ᠬᠡᠪᠴᠢᠶᠡᠵᠢᠯ ᠤᠨ ᠴᠢᠨᠠᠷᠲᠠᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠳᠤᠷᠢᠳᠬᠤ ᠪᠠᠭ ᠤᠨ ᠬᠦᠴᠦᠨ ᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠺᠠᠳ᠋ᠷ ᠤᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠪᠥᠬᠦ ᠤᠯᠤᠰ ᠤᠨ ᠡᠯ᠎ᠡ ᠭᠠᠵᠠᠷ ᠤᠨ ᠥᠨᠳᠥᠷ ᠬᠡᠪ ᠪᠣᠯᠪᠠᠰᠤᠷᠠᠯ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠠᠰᠤᠷᠠᠯᠲᠠ ᠦᠭᠡᠢ ᠰᠢᠩᠭᠡᠬᠡᠨ ᠠᠪᠴᠤ᠂ ᠵᠠᠯᠠᠭᠤ ᠠᠷᠠᠳ ᠤᠨ ᠴᠠᠭᠳᠠᠭ᠎ᠠ ᠶᠢ ᠬᠥᠮᠥᠵᠢᠭᠦᠯᠬᠦ ᠪᠠᠨ ᠴᠢᠩᠭᠠᠳᠬᠠᠵᠤ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠠᠵᠢᠯ ᠳᠤ ᠴᠢᠳᠠᠪᠤᠷᠢᠲᠠᠨ ᠨᠥᠭᠡᠴᠡᠯᠡᠬᠦ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ︽ᠬᠠᠷᠢᠴᠠᠯᠠᠰᠢᠭᠦᠢ ᠦᠨᠡᠨᠴᠢ ᠰᠢᠳᠤᠷᠭᠤ᠂ ᠠᠷᠠᠳ ᠢ ᠳᠣᠲᠣᠨᠣᠴᠢᠯᠠᠨ ᠠᠷᠠᠳ ᠢ ᠬᠠᠶᠢᠷᠠᠯᠠᠬᠤ᠂ ᠠᠵᠢᠯᠴᠢ ᠬᠢᠴᠢᠶᠡᠩᠭᠦᠢ ᠥᠨᠳᠥᠷ ᠪᠦᠲᠦᠮᠵᠢᠲᠡᠢ᠂ ᠠᠷᠢᠭᠤᠨ ᠴᠢᠬᠡᠴᠢ ᠲᠥᠪ ᠭᠤᠣᠯᠴᠢ᠂ ᠬᠠᠷᠢᠭᠤᠴᠠᠯᠭ᠎ᠠ ᠲᠠᠢ ᠵᠢᠳᠬᠦᠯ ᠴᠢᠷᠮᠠᠶᠢᠯᠭ᠎ᠠ ᠲᠠᠢ︾ ᠲᠥᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠦᠴᠦᠯᠡᠨ ᠪᠠᠶᠢᠭᠤᠯᠬᠤ ᠭᠡᠵᠡᠢ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ᠂ ᠯᠢ ᠵᠢᠶᠦ᠋ᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号