ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠦᠬᠠᠢ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ  ᠵᠠᠩ ᠱᠣᠸ ᠴᠦᠨ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/8/25
     8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠬᠠᠢ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠸ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠯᠭᠠᠯᠲᠠ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠳᠤᠨ ᠭᠤᠣᠯ ᠤᠨ ᠰᠠᠪᠠ ᠭᠠᠵᠠᠷ ᠪᠣᠯᠣᠨ ᠦᠬᠠᠢ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠭᠤᠣᠯ ᠤᠨ ᠵᠠᠮ ᠢ ᠴᠡᠭᠴᠡᠯᠡᠨ ᠵᠠᠰᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠤᠰᠤ ᠬᠡᠷᠡᠭᠯᠡᠬᠦ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠵᠡᠷᠭᠡ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ ᠪᠠᠶᠢᠭᠠᠳ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠰᠠᠶᠢᠵᠢᠷᠠᠭᠤᠯᠵᠤ᠂ ᠪᠣᠳᠠᠲᠤ ᠠᠵᠢᠯᠯᠠᠭ᠎ᠠ ᠪᠣᠯᠣᠨ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号