ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠨᠥᠬᠦᠪᠦᠷᠢ ᠪᠡᠯᠡ ᠮᠥᠩᠭᠦ 4101 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/8/25
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠨᠥᠬᠦᠪᠦᠷᠢ ᠪᠡᠯᠡ ᠮᠥᠩᠭᠦ 4101 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ ᠳᠡᠭᠡᠳᠦ ᠱᠠᠲᠤᠨ ᠠᠴᠠ 2793 ᠲᠦᠮᠡᠨ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠠᠴᠠ 1308 ᠲᠦᠮᠡᠨ ᠲᠥᠭᠦᠷᠢᠭ ᠢᠵᠢ ᠪᠦᠷᠢᠳᠦᠭᠦᠯᠪᠡ᠂ ᠡᠭᠦᠨ ᠢ ᠭᠤᠣᠯᠳᠠᠭᠤ ᠪᠥᠬᠦ ᠬᠤᠲᠠ ᠶᠢᠨ 35 ︱ 46 ᠨᠠᠰᠤᠨ ᠤ ᠬᠥᠮᠥᠰ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠨᠢᠷᠠᠢ ᠬᠡᠦᠬᠡᠳ ᠤᠨ ᠴᠢᠬᠢ ᠳᠦᠯᠡᠢ ᠭᠧᠨ᠂ ᠤᠳᠤᠮᠯᠠᠯ ᠤᠨ ᠰᠣᠯᠢᠯᠴᠠᠭ᠎ᠠ ᠶᠢᠨ ᠡᠪᠡᠳᠴᠢᠨ ᠢ ᠰᠦᠢᠳᠬᠡᠯ ᠦᠭᠡᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠵᠡᠷᠭᠡ ᠳᠤ ᠬᠡᠷᠡᠭᠯᠡᠨ᠎ᠡ᠃      ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠦᠢᠯᠡᠰ ᠪᠣᠯ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ ᠴᠢᠬᠤᠯᠠ ᠠᠭᠤᠯᠭ᠎ᠠ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠵᠢᠯ ᠮᠥᠨ᠃ ᠡᠭᠦᠨ ᠤ ᠲᠤᠯᠠᠳᠠ᠂ ᠬᠤᠲᠠ   ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠨ᠂ ᠪᠡᠯᠡ ᠮᠥᠩᠭᠦ ᠰᠠᠯᠭᠠᠨ ᠥᠭᠬᠦ ᠠᠬᠢᠴᠠ ᠪᠠᠨ ᠲᠦᠷᠭᠡᠳᠬᠡᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号