2022 ᠣᠨ ᠤ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠬᠤᠷᠠᠯ ᠬᠤᠷᠠᠯᠳᠤᠪᠠ  ᠰᠦᠨ ᠱᠤᠤ ᠴᠧᠩ ᠬᠤᠷᠠᠯ ᠢ ᠡᠷᠬᠢᠯᠡᠵᠦ ᠸᠠᠩ ᠯᠢ ᠰᠢᠶᠠ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/8/26
     8 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠰᠦᠨ ᠱᠤᠤ ᠴᠧᠩ 2022 ᠣᠨ ᠤ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠡᠳ᠋ ᠶᠡᠷᠦᠩᠬᠡᠢ ᠳᠠᠷᠤᠭ᠎ᠠ ᠶᠠᠩ ᠸᠧᠢ ᠳ᠋ᠦᠩ᠂ ᠠᠢ ᠯᠢ ᠬᠤᠸᠠ᠂ ᠴᠢ᠊ ᠪᠠᠲᠤ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃      ᠬᠤᠷᠠᠯ ᠠᠴᠠ ᠪᠦᠬᠦ ᠣᠷᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠴᠢᠬᠤᠯᠠ ᠶᠡᠭᠡ ᠳᠦᠷᠢᠮ ᠤᠨ ᠰᠢᠨ᠎ᠡ ᠡᠭᠦᠳᠦᠯᠲᠡ ᠮᠥᠨ᠃ ᠥᠪᠥᠷ ᠮᠣᠩᠭᠤᠯ ᠪᠣᠯ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠮᠣ ᠣᠷᠣᠨ᠂ ᠡᠯ᠎ᠡ ᠱᠠᠲᠤᠨ ᠤ ᠣᠶ ᠰᠢᠭᠤᠢ ᠶᠢᠨ ᠳᠠᠷᠤᠭ᠎ᠠ ᠵᠢᠴᠢ ᠡᠯ᠎ᠡ ᠪᠦᠷᠢᠯᠳᠦᠭᠦᠨ ᠨᠢᠭᠡᠴᠢ ᠶᠢᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠥᠪᠥᠷ ᠮᠣᠩᠭᠤᠯ ᠤᠨ 2400 ᠭᠠᠷᠤᠢ ᠲᠦᠮᠡᠨ ᠠᠷᠠᠳ ᠲᠦᠮᠡᠨ ᠳᠤ ᠬᠠᠷᠢᠭᠤᠴᠠᠬᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠣᠪᠣᠷ ᠢᠶᠠᠷ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠴᠢᠬᠤᠯᠠ ᠶᠡᠭᠡ ᠬᠠᠷᠢᠭᠤᠴᠠᠯᠭ᠎ᠠ ᠶᠢ ᠨᠡᠷ᠎ᠡ ᠨᠢᠳᠡᠷ ᠲᠠᠢ ᠪᠣᠳᠠᠲᠠᠢ ᠡᠭᠦᠷᠭᠡᠯᠡᠵᠦ᠂ ᠥᠪᠥᠷ ᠮᠣᠩᠭᠤᠯ ᠤᠨ ︽ᠨᠢᠭᠡ ᠡᠪᠡᠰᠦ ᠨᠢᠭᠡ ᠮᠣᠳᠣ︾ ᠪᠣᠯᠭᠠᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠠᠳᠠᠭᠠᠯᠠᠮᠵᠢ ᠶᠢᠨ ᠬᠡᠮᠵᠢᠶ᠎ᠡ ᠶᠢ ᠪᠠᠲᠤᠯᠠᠵᠤ᠂ ᠨᠡᠮᠡᠭᠳᠡᠯ ᠬᠡᠮᠵᠢᠶ᠎ᠡ ᠶᠢ ᠥᠷᠭᠡᠳᠬᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠶ ᠰᠢᠭᠤᠢ ᠶᠢ ᠰᠦᠢᠳᠬᠡᠬᠦ᠂ ᠡᠪᠡᠰᠦ ᠪᠡᠯᠴᠢᠭᠡᠷ ᠢ ᠰᠦᠢᠳᠬᠡᠬᠦ᠂ ᠨᠤᠭᠤ ᠭᠠᠵᠠᠷ ᠢ ᠰᠦᠢᠳᠬᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ ᠶᠢ ᠭᠦᠢᠴᠡᠳ ᠠᠰᠢᠭᠯᠠᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠤᠯᠲᠠ ᠬᠢᠵᠦ᠂ ᠬᠠᠮᠢᠶ᠎ᠠ ᠪᠦᠬᠦᠢ ᠲᠥᠯᠦᠪᠵᠢᠭᠦᠯᠭᠡ ᠪᠠ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠢ ᠶᠢ ᠵᠠᠰᠠᠵᠤ ᠰᠡᠷᠭᠦᠭᠡᠬᠦ ᠠᠵᠢᠯ ᠢ ᠶᠡᠭᠡ ᠪᠠᠷ ᠠᠬᠢᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠢ ᠪᠣᠳᠠᠲᠠᠢ ᠪᠠᠷ ᠰᠠᠶᠢᠵᠢᠷᠠᠭᠤᠯᠵᠤ᠂ ᠲᠤᠶᠢᠯᠪᠤᠷᠢᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠤ ᠥᠭᠡᠷᠡᠴᠢᠯᠡᠯᠲᠡ ᠶᠢ ᠢᠳᠡᠪᠬᠢᠲᠡᠢ ᠭᠦᠨᠵᠡᠭᠡᠶᠢᠷᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠬᠢ ᠪᠠᠶᠠᠯᠢᠭ ᠡᠳ᠋ ᠬᠥᠷᠥᠩᠭᠡ ᠶᠢ ︽ᠠᠮᠢᠯᠠᠭᠤᠯᠵᠤ︾᠂ ︽ᠡᠷᠭᠢᠯᠳᠦᠭᠦᠯᠵᠦ︾᠂ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠬᠡᠷᠡᠭᠲᠡᠢ᠃ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠠᠯᠳᠠ ᠬᠦᠴᠦᠨ ᠯᠤᠲᠤ ᠶᠡᠭᠡ᠂ ᠢᠷᠡᠭᠡᠳᠦᠢ ᠥᠷᠭᠡᠨ ᠠᠭᠤᠳᠠᠮ ᠶᠤᠮ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠬᠢᠵᠦ ᠵᠣᠷᠢᠭᠲᠠᠢ ᠲᠤᠷᠰᠢᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠶᠢ ᠱᠠᠯᠠᠪᠳᠠᠨ ᠲᠥᠯᠥᠪᠵᠢᠭᠦᠯᠵᠦ᠂ ᠤᠷᠢᠳ ᠢᠶᠠᠷ ᠬᠢᠵᠦ ᠤᠷᠢᠳ ᠢᠶᠠᠷ ᠲᠤᠷᠰᠢᠵᠤ᠂ ᠬᠢᠵᠦ ᠳᠡᠶᠢᠯᠬᠦ ᠶᠢ ᠨᠢ ᠱᠠᠯᠠᠪᠳᠠᠭᠤᠯᠤᠨ ᠤᠷᠢᠳ ᠢᠶᠠᠷ ᠬᠢᠯᠭᠡᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠪᠡᠳᠴᠢᠨ ᠬᠤᠷᠣᠬᠠᠢ ᠶᠢᠨ ᠬᠥᠨᠥᠭᠡᠯ ᠪᠠ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠨᠠᠷ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠪᠦᠷᠢᠯᠳᠦᠭᠦᠨ ᠨᠢᠭᠡᠴᠢ ᠪᠣᠯᠣᠨ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号