ᠬᠤᠳᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 3 ᠳ᠋ᠤᠭᠠᠷ ᠤᠳᠠᠭ᠎ᠠ ᠶᠢᠨ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/26
ᠼᠤᠤ ᠰᠧ ᠶᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 3 ᠳ᠋ᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢᠨ ᠰᠡᠷᠭᠡᠶᠢᠯᠡᠯᠲᠡ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠬᠠᠮᠢᠶ᠎ᠠ ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠵᠤ ᠥᠷᠨᠢᠭᠦᠯᠦᠭᠰᠡᠨ ᠰᠤᠷᠤᠭᠴᠢᠳ ᠤᠨ ᠤᠰᠤᠨ ᠳᠤ ᠴᠠᠴᠠᠬᠤ ᠶᠢ ᠰᠡᠷᠭᠡᠶᠢᠯᠡᠬᠦ ᠲᠤᠰᠬᠠᠢ ᠠᠵᠢᠯᠯᠠᠭ᠎ᠠ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠰᠤᠷᠤᠯᠴᠠᠵᠤ ᠂ ᠬᠤᠷᠠᠯ ᠠᠴᠠ ᠪᠠᠰᠠ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ ᠬᠤᠷᠠᠯ ᠠᠴᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠨᠠᠷᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠱᠠᠩ ᠵᠢᠩ ᠮᠢᠨ᠂ ᠲᠠᠩ ᠶᠦᠩ᠂ ᠭᠧ ᡁᠢ ᠮᠢᠨ᠂ ᠰᠢᠶᠣᠣ ᠹᠠᠩ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠨᠠᠷ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ᠂ ᠪᠠᠭᠰᠢ ᠶᠢᠨ ᠬᠠᠷᠠᠭᠠᠯᠵᠠᠯ ᠪᠠᠲᠤᠯᠠᠭ᠎ᠠ᠂ ᠵᠢᠭᠠᠬᠤ ᠮᠠᠲ᠋ᠧᠷᠢᠶᠠᠯ ᠢ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ ᠠᠵᠢᠯ ᠤᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡ ᠳᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠭᠰᠠᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠪᠣᠳᠠᠲᠠᠢ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠦᠨᠡᠨᠬᠦ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠬᠢᠷᠢ ᠲᠦᠪᠰᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠳᠥᠷᠪᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠪᠠᠭᠰᠢ ᠰᠤᠷᠤᠭᠴᠢᠳ ᠤᠨ ᠠᠶᠤᠯᠭᠦᠢ ᠶᠢ ᠪᠠᠲᠤᠯᠠᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠡᠯ᠎ᠡ ᠵᠦᠢᠯ ᠤᠨ ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号