ᠬᠥᠬᠡᠬᠤᠲᠠ ᠶᠢᠨ 1 ᠲᠦᠮᠡᠨ ᠲᠣᠨ ᠤ ᠡᠯᠧᠺᠲᠷᠣᠨ ᠤ ᠳᠡᠰ ᠤᠨ ᠤᠯᠠᠨ ᠲᠠᠯᠠᠰᠲᠤ ᠴᠠᠬᠢᠭᠤᠷ ᠵᠢᠴᠢ 10 ᠲᠦᠮᠡᠨ ᠲᠣᠨ ᠤ ᠮᠥᠬᠦᠯᠢᠭᠲᠦ ᠴᠠᠬᠢᠭᠤᠷ ᠤᠨ ᠲᠦᠷᠦᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/8/26
ᠪᠣᠣ ᠭᠠᠩ  ᠠᠢ ᠯᠢ ᠬᠤᠸᠠ ᠬᠤᠷᠠᠯ ᠳᠤ ᠣᠷᠣᠯᠴᠠᠵᠤ ᠾᠧ ᠬᠠᠢ ᠳ᠋ᠦᠩ ᠪᠠᠶᠠᠷ ᠤᠨ ᠦᠭᠡ ᠬᠡᠯᠡᠪᠡ      ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠶᠢᠨ 1 ᠲᠦᠮᠡᠨ ᠲᠣᠨ ᠤ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠵᠢᠴᠢ 10 ᠲᠦᠮᠡᠨ ᠲᠣᠨ ᠤ ᠮᠥᠬᠦᠯᠢᠭᠲᠦ ᠴᠠᠬᠢᠭᠤᠷ ᠤᠨ ᠲᠦᠷᠦᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ᠃ ᠬᠥᠬᠡᠬᠤᠲᠠ ᠶᠢᠨ ᠵᠦᠩ ᠬᠤᠸᠠᠨ ᠠᠵᠤ ᠦᠢᠯᠡᠰ ᠤᠨ ᠬᠤᠲᠠ ᠶᠢᠨ ︽ᠪᠥᠬᠦ ᠠᠵᠤ ᠦᠢᠯᠡᠰ ᠤᠨ ᠬᠡᠯᠬᠢᠶ᠎ᠡ︾ ᠶᠢᠨ ᠴᠢᠬᠤᠯᠠ ᠨᠢᠭᠡ ᠭᠤᠭᠴᠤᠭ᠎ᠠ ᠪᠣᠯᠤᠭᠰᠠᠨ ᠳᠡᠭᠡᠷ᠎ᠡ ᠳᠤᠷᠠᠳᠤᠭᠰᠠᠨ ᠬᠤᠶᠠᠷ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ ᠥᠨᠳᠥᠷ ᠴᠡᠪᠡᠷᠴᠡ ᠲᠠᠢ ᠡᠯᠧᠺᠲᠷᠣᠨ ᠤ ᠲᠠᠰ ᠤᠨ ᠣᠯᠠᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠪᠥᠭᠡᠮᠨᠡᠷᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠮᠠᠨ ᠤ ᠬᠤᠲᠠ ᠶᠢᠨ ︽ᠳᠤᠮᠳᠠᠳᠤ ᠤᠯᠤᠰ ᠤᠨ ᠴᠠᠬᠢᠭᠤᠷ ᠤᠨ ᠬᠥᠨᠳᠡᠢ︾ ᠳᠠᠰᠢ ᠲᠦᠷᠭᠡᠨ ᠤᠷᠤᠭᠰᠢᠯᠠᠬᠤ ᠳᠤ ᠬᠦᠴᠦᠲᠡᠢ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠠᠶᠠᠷ ᠤᠨ ᠦᠭᠡ ᠬᠡᠯᠡᠭᠰᠡᠨ ᠪᠥᠭᠡᠳ ᠬᠠᠮᠲᠤ ᠪᠠᠷ ᠲᠥᠷᠥᠯ ᠵᠦᠢᠯ ᠤᠨ ᠠᠵᠢᠯ ᠡᠬᠢᠯᠡᠬᠦ ᠳᠤ ᠰᠠᠭᠤᠷᠢ ᠲᠠᠯᠪᠢᠪᠠ᠃      1 ᠲᠦᠮᠡᠨ ᠲᠣᠨ ᠤ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠨᠢ ᠰᠠᠶᠢᠬᠠᠨ ᠲᠣᠭᠤᠷᠢᠭ ᠤᠨ ᠵᠢᠨᠴᠢᠶᠣᠣ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠥᠪᠥᠷ ᠮᠣᠩᠭᠤᠯ ᠤᠨ ᠰᠢᠨ ᠬᠤᠸᠠ ᠬᠠᠭᠠᠰ ᠳᠠᠮᠵᠢᠭᠤᠯᠤᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠦᠷᠦᠯ ᠵᠦᠢᠯ ᠨᠢ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ ᠥᠨᠳᠥᠷ ᠴᠡᠪᠡᠷᠴᠡ ᠲᠠᠢ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠪᠥᠭᠡᠮᠨᠡᠷᠡᠯ ᠤᠨ ᠰᠠᠭᠤᠷᠢᠨ ᠢ ᠪᠠᠶᠢᠭᠤᠯᠵᠤ᠂ 2023 ᠣᠨ ᠤ ᠭᠤᠷᠪᠠᠳᠤᠭᠠᠷ ᠤᠯᠠᠷᠢᠯ ᠠᠴᠠ ᠡᠬᠢᠯᠡᠨ ᠦᠢᠯᠡᠳᠪᠦᠷᠢᠯᠡᠵᠦ᠂ 2024 ᠣᠨ ᠤ ᠭᠤᠷᠪᠠᠳᠤᠭᠠᠷ ᠤᠯᠠᠷᠢᠯ ᠳᠤ ᠦᠢᠯᠡᠳᠪᠦᠷᠢᠯᠡᠯ ᠢᠶᠠᠨ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠲᠦᠷᠦᠯ ᠵᠦᠢᠯ ᠢ ᠪᠠᠶᠢᠭᠤᠯᠤᠨ ᠦᠢᠯᠡᠳᠪᠦᠷᠢᠯᠡᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠪᠦᠬᠦ ᠳᠡᠯᠡᠬᠡᠢ ᠶᠢᠨ ᠬᠠᠭᠠᠰ ᠳᠠᠮᠵᠢᠭᠤᠯᠤᠭᠴᠢ ᠶᠢᠨ ᠵᠠᠬ᠎ᠠ ᠳᠡᠯᠭᠡᠭᠦᠷ ᠤᠨ ᠲᠦᠷᠭᠡᠨ ᠬᠥᠭᠵᠢᠯᠲᠡ ᠶᠢᠨ ᠣᠷᠴᠢᠨ ᠨᠥᠬᠦᠴᠡᠯ ᠳᠣᠣᠷᠠᠬᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠵᠤ᠂ ᠪᠦᠬᠦ ᠳᠡᠯᠡᠬᠡᠢ ᠶᠢᠨ ᠲᠡᠷᠢᠭᠦᠨ ᠤ ᠥᠨᠳᠥᠷ ᠴᠡᠪᠡᠷᠴᠡ ᠲᠠᠢ ᠴᠠᠬᠢᠭᠤᠷ ᠤᠨ ᠦᠨᠳᠦᠰᠦᠨ ᠮᠠᠲ᠋ᠧᠷᠢᠶᠠᠯ ᠢᠶᠠᠷ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠲᠠᠰᠤᠷᠠᠯᠲᠠ ᠦᠭᠡᠢ ᠰᠢᠨ᠎ᠡ ᠶᠢ ᠡᠭᠦᠳᠴᠦ ᠳᠡᠰ ᠳᠡᠪᠰᠢᠬᠦ ᠳᠤ ᠬᠦᠴᠦᠨ ᠨᠡᠮᠡᠷᠢᠯᠡᠬᠦ ᠪᠣᠯᠣᠨ᠎ᠠ᠃      10 ᠲᠦᠮᠡᠨ ᠲᠣᠨ ᠤ ᠮᠥᠬᠦᠯᠢᠭᠲᠦ ᠴᠠᠬᠢᠭᠤᠷ ᠤᠨ ᠲᠦᠷᠦᠯ ᠵᠦᠢᠯ ᠢ ᠥᠪᠥᠷ ᠮᠣᠩᠭᠤᠯ ᠤᠨ ᠰᠢᠨ ᠬᠤᠸᠠᠨ ᠴᠠᠬᠢᠭᠤᠷ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠤᠰ ᠲᠦᠷᠦᠯ ᠵᠦᠢᠯ ᠤᠨ ᠦᠢᠯᠡᠳᠪᠦᠷᠢᠯᠡᠬᠦ ᠰᠢᠨ᠎ᠡ ᠨᠢᠭᠡ ᠦᠶ᠎ᠡ ᠶᠢᠨ ᠴᠠᠬᠢᠭᠤᠷ ᠤᠨ ᠮᠠᠲ᠋ᠧᠷᠢᠶᠠᠯ FBR ᠮᠥᠬᠦᠯᠢᠭᠲᠦ ᠴᠠᠬᠢᠭᠤᠷ ᠨᠢ ᠲᠡᠭᠦᠨ ᠤ ᠠᠵᠢᠯ ᠲᠦᠷᠦᠯ ᠳᠤᠮᠳᠠᠬᠢ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠰᠢᠯᠢᠳᠡᠭ ᠢᠯᠡᠷᠡᠯ ᠢᠶᠠᠷ ᠢᠶᠠᠨ ᠤᠯᠤᠰ ᠤᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ︾᠂ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠵᠢᠱᠢᠭᠰᠡᠨ ᠢᠶᠠᠷ 2023 ᠣᠨ ᠤ 8 ᠳ᠋ᠤᠭᠠᠷ ᠰᠠᠷ᠎ᠠ ᠳᠤ ᠡᠬᠢᠯᠡᠵᠦ ᠦᠢᠯᠡᠳᠪᠦᠷᠢᠯᠡᠨ᠂ 2024 ᠣᠨ ᠤ 3 ᠳ᠋ᠤᠭᠠᠷ ᠰᠠᠷ᠎ᠠ ᠳᠤ ᠦᠢᠯᠡᠳᠪᠦᠷᠢᠯᠡᠯ ᠢᠶᠠᠨ ᠪᠡᠶᠡᠯᠡᠭᠦᠯᠬᠦ ᠪᠣᠯᠤᠨ᠎ᠠ᠃      ᠣᠶᠢᠷ᠎ᠠ ᠶᠢᠨ ᠵᠢᠯ ᠳᠤ᠂ ᠮᠠᠨ ᠤ ᠬᠤᠲᠠ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠭᠤᠣᠯᠳᠠᠯᠭ᠎ᠠ ᠲᠠᠢ ᠬᠡᠯᠪᠡᠶᠢᠯᠭᠡᠵᠦ ᠂ ᠬᠦᠴᠦᠨ ᠵᠦᠢᠯ ᠤᠨ ᠲᠠᠯ᠎ᠠ ᠪᠠᠷ ᠪᠥᠬᠦ ᠬᠦᠴᠦᠨ ᠢᠶᠠᠷ ᠢᠶᠠᠨ ᠪᠠᠲᠤᠯᠠᠨ᠂ ᠵᠦᠩ ᠬᠤᠸᠠᠨ ᠬᠡᠷᠡᠯ ᠴᠡᠨᠡᠭ ᠢᠶᠠᠷ ᠲᠣᠯᠣᠭᠠᠶᠢᠯᠠᠭᠤᠯᠤᠭᠰᠠᠨ ᠨᠢᠭᠡ ᠪᠦᠯᠦᠭ ᠴᠠᠬᠢᠭᠤᠷ ᠤᠨ ᠮᠠᠲ᠋ᠧᠷᠢᠶᠠᠯ ᠦᠢᠯᠡᠳᠪᠦᠷᠢᠯᠡᠵᠦ ᠪᠣᠯᠪᠠᠰᠤᠷᠠᠭᠤᠯᠵᠤ ᠦᠶᠯᠡᠳᠬᠦ ᠠᠵᠤ ᠠᠬᠤᠶᠢᠯᠠᠯ ᠢ ᠪᠠᠶᠢᠭᠤᠯᠵᠤ᠂ ᠲᠡᠷᠢᠭᠦᠨ ᠤ ᠴᠠᠬᠢᠭᠤᠷ ᠤᠨ ᠮᠠᠲ᠋ᠧᠷᠢᠶᠠᠯ᠂ ᠣᠶᠤᠨᠴᠢ ᠮᠡᠷᠭᠡᠵᠢᠯ ᠢᠶᠠᠷ ᠤᠳᠤᠷᠢᠳᠤᠮᠵᠢ ᠪᠣᠯᠭᠠᠭᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠪᠥᠭᠡᠮᠨᠡᠷᠡᠯ ᠢ ᠪᠣᠶᠢᠵᠢᠭᠤᠯᠪᠠ᠃ ᠢᠯᠠᠩᠭᠤᠶ᠎ᠠ ᠡᠨᠡ ᠵᠢᠯ ᠠᠴᠠ ᠨᠠᠰᠢ᠂ ᠣᠳᠣ ᠶᠢᠨ ᠰᠠᠭᠤᠷᠢ ᠪᠣᠯᠣᠨ ᠬᠠᠷᠢᠴᠠᠩᠭᠤᠢ ᠳᠠᠪᠠᠭᠤᠯᠢᠭ ᠲᠠᠭᠠᠨ ᠰᠠᠭᠤᠷᠢᠯᠠᠵᠤ᠂ ᠳᠡᠭᠡᠳᠦ ᠳᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠶᠢ ᠵᠦᠭᠯᠡᠨ᠂ ᠵᠦᠩ ᠬᠤᠸᠠᠨ ᠠᠵᠤ ᠦᠢᠯᠡᠰ ᠤᠨ ᠬᠤᠲᠠ ᠶᠢ ᠡᠬᠢᠯᠡᠨ ᠪᠦᠲᠦᠭᠡᠨ ᠪᠠᠶᠢᠭᠤᠯᠵᠤ᠂ ᠵᠦᠩ ᠬᠤᠸᠠᠨ ᠤ ᠲᠠᠪᠤᠳᠤᠭᠠᠷ ᠬᠤᠭᠤᠴᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠵᠦᠩ ᠬᠤᠸᠠᠨ ᠤ 25GW ᠣᠶᠤᠨᠴᠢᠯᠠᠭᠰᠠᠨ ᠬᠡᠷᠴᠢᠮᠡᠯ᠂ ᠵᠦᠩ ᠬᠤᠸᠠᠨ ᠯᠢᠩ ᠰᠢᠶᠠᠨ ᠤ ᠬᠤᠶᠠᠳᠤᠭᠠᠷ ᠬᠤᠭᠤᠴᠠᠭᠠᠨ ᠤ ᠬᠠᠭᠠᠰ ᠳᠠᠮᠵᠢᠭᠤᠯᠤᠭᠴᠢ ᠶᠢᠨ ᠲᠠᠰ ᠤᠨ ᠲᠠᠩ ᠲᠠᠯᠠᠰᠲᠤ ᠴᠠᠬᠢᠭᠤᠷ ᠵᠡᠷᠭᠡ ᠨᠢᠭᠡ ᠪᠦᠯᠦᠭ ᠬᠡᠯᠬᠢᠶ᠎ᠡ ᠶᠢ ᠤᠷᠲᠤᠳᠬᠠᠬᠤ ᠨᠥᠬᠦᠬᠦ ᠬᠦᠴᠦᠷᠬᠡᠭᠵᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠬᠢ ᠪᠠᠶᠠᠯᠢᠭ ᠤᠨ ᠬᠦᠴᠦᠨ ᠵᠦᠢᠯ ᠬᠠᠮᠤᠭ ᠠᠴᠠ ᠲᠥᠪᠯᠡᠷᠡᠭᠰᠡᠨ᠂ ᠦᠢᠯᠡᠳᠪᠦᠷᠢᠯᠡᠯ ᠤᠨ ᠮᠡᠷᠭᠡᠵᠢᠯ ᠬᠠᠮᠤᠭ ᠤᠨ ᠲᠡᠷᠢᠭᠦᠨ ᠤ᠂ ᠬᠡᠪᠴᠢᠶᠡᠵᠢᠭᠰᠡᠨ ᠦᠷ᠎ᠡ ᠠᠰᠢᠭ ᠬᠠᠮᠤᠭ ᠤᠨ ᠰᠢᠯᠢᠳᠡᠭ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠪᠠ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠵᠢᠴᠢ ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号