ᠰᠤᠷᠪᠤᠯᠵᠢᠯᠠᠭᠴᠢ ᠲᠦᠷᠦᠭᠦᠬᠡᠨ ᠰᠢᠨ᠎ᠡ ᠬᠤᠲᠠ ᠲᠣᠭᠤᠷᠢᠭ ᠤᠨ ᠰᠣᠶᠣᠯ ᠵᠢᠭᠤᠯᠴᠢᠯᠠᠯ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠣᠶᠣᠯ | ᠪᠠ ᠵᠢᠭᠤᠯᠴᠢᠯᠠᠯ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠬᠥᠬᠡᠬᠤᠲᠠ ᠶᠢᠨ | ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠨᠦᠭᠡᠴᠡ ᠲᠦᠷᠦᠯ | ᠵᠦᠢᠯ ᠳᠤ ᠣᠷᠣᠭᠤᠯᠤᠭᠰᠠᠨ ᠤ ᠬᠠᠮᠲᠤ 2000 ᠲᠦᠮᠡᠨ ᠲᠥᠭᠦᠷᠢᠭ ᠤᠨ ᠲᠥᠪ ᠤᠨ ᠲᠥᠰᠥᠪ ᠤᠨ ᠳᠣᠲᠣᠷᠠᠬᠢ | ᠪᠡᠯᠡ ᠮᠥᠩᠭᠦ ᠶᠢ ᠲᠣᠬᠢᠷᠠᠭᠤᠯᠵᠤ ᠲᠣᠰ ᠲᠦᠷᠦᠯ ᠵᠦᠢᠯ ᠢ ᠳᠡᠮᠵᠢᠬᠦ ᠳᠤ ᠬᠡᠷᠡᠭᠯᠡᠬᠦ ᠪᠠᠷ ᠪᠣᠯᠵᠠᠢ᠃ ᠣᠲᠣ ᠪᠣᠯᠲᠠᠯ᠎ᠠ | ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠭᠠᠷᠳᠠᠮ ᠢ ᠨᠢᠭᠡᠨᠲᠡ ᠭᠦᠢᠴᠡᠳᠬᠡᠵᠦ | ᠳᠠᠭᠤᠰᠬᠠᠭᠠᠳ ᠪᠠᠷᠢᠯᠭ᠎ᠠ ᠶᠢᠨ ᠨᠢᠭᠡᠴᠡ ᠣᠶᠢᠷ᠎ᠠ ᠳᠤ ᠪᠠᠷᠢᠯᠭ᠎ᠠ ᠶᠢᠨ ᠲᠠᠯᠠᠪᠠᠶ ᠳᠤ ᠣᠷᠣᠵᠤ ᠵᠢᠩᠬᠢᠨᠢ ᠪᠠᠷ ᠪᠠᠷᠢᠯᠭ᠎ᠠ | ᠡᠬᠢᠯᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ 2800 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ | ᠪᠣᠶ᠂ ᠡᠭᠦᠨ ᠳᠤ 800 ᠲᠦᠮᠡᠨ ᠲᠥᠭᠦᠷᠢᠭ ᠢ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠥᠪᠡᠰᠦᠪᠡᠨ | ᠪᠡᠯᠡᠳᠬᠡᠨ᠎ᠡ᠂ ᠲᠥᠷᠥᠯ ᠵᠦᠢᠯ ᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ | ᠴᠢᠬᠤᠯᠠ ᠴᠡᠭ ᠬᠡᠰᠡᠭ ᠴᠢᠨ ᠱᠢ ᠬᠤᠸᠠᠩ ᠤᠨ ᠤᠷᠲᠤ ᠴᠠᠭᠠᠨ ᠬᠡᠷᠡᠮ ᠤᠨ ᠬᠥᠲᠥᠯ ᠤᠨ ᠰᠠᠭᠤᠷᠢ ᠬᠡᠰᠡᠭ ᠠᠴᠠ | ᠵᠡᠭᠦᠨ ᠡᠮᠦᠨᠡᠰᠢ 3 ᠺᠢᠯᠣᠮᠧᠲᠷ ᠤᠨ ᠭᠠᠵᠠᠷ ᠲᠤ ᠪᠠᠶᠢᠷᠢᠯᠠᠭᠤᠯᠵᠤ᠂ ᠬᠥᠬᠡ ᠲᠠᠯ᠎ᠠ ᠪᠠᠷᠠᠭᠤᠨ ᠵᠡᠭᠡᠯᠢ ᠬᠢᠭᠡᠳ | ᠬᠢᠩᠭᠠᠨ ᠬᠤᠶᠢᠲᠤ ᠵᠠᠮ ᠤᠨ ᠠᠭᠤᠯᠵᠠᠷ ᠤᠨ ᠵᠡᠭᠦᠨ ᠲᠠᠯ᠎ᠠ ᠠᠴᠠ ᠡᠮᠦᠨᠡᠰᠢ ᠭᠠᠵᠠᠷ ᠲᠤ ᠪᠠᠶᠢᠷᠢᠯᠠᠭᠤᠯᠪᠠ᠃ | ᠮᠦᠽᠧᠢ ᠶᠢᠨ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠂ | ᠪᠠᠷᠢᠯᠭ᠎ᠠ ᠶᠢᠨ ᠳᠠᠪᠬᠤᠷᠭ᠎ᠠ ᠶᠢᠨ ᠲᠤᠭ᠎ᠠ ᠨᠢ 2 ᠳᠠᠪᠬᠤᠷ᠂ ᠬᠡᠰᠡᠭ ᠭᠠᠵᠠᠷ ᠨᠢ 3 ᠳᠠᠪᠬᠤᠷ᠂ ᠪᠠᠷᠢᠯᠭ᠎ᠠ ᠶᠢᠨ | ᠶᠡᠷᠦᠩᠬᠡᠢ ᠥᠨᠳᠥᠷ ᠤᠨ ᠬᠡᠮᠵᠢᠶ᠎ᠡ ᠨᠢ 14.25 ᠮᠧᠲᠷ᠂ ᠳᠠᠪᠬᠤᠷᠭ᠎ᠠ ᠪᠦᠷᠢ ᠶᠢᠨ ᠥᠨᠳᠥᠷ ᠨᠢ 6 ᠮᠧᠲᠷ᠂ | ᠭᠤᠣᠯᠳᠠᠭᠤ ᠮᠦᠽᠧᠢ ᠶᠢᠨ ᠦᠵᠡᠭᠦᠯᠦᠯᠭᠡ ᠶᠢᠨ ᠲᠢᠩᠬᠢᠮ ᠪᠠ ᠪᠠᠭ᠎ᠠ ᠬᠡᠮᠵᠢᠶᠡᠨ ᠤ ᠢᠵᠢ ᠪᠦᠷᠢᠳᠦᠭᠦᠯᠬᠦ | ᠴᠢᠳᠠᠮᠵᠢᠲᠤ ᠭᠡᠷ ᠪᠠᠶᠢᠰᠢᠩ ᠪᠣᠯᠣᠨ᠎ᠠ᠃ ᠮᠦᠽᠧᠢ ᠶᠢᠨ ᠪᠦᠬᠦᠶᠢᠯᠡ ᠵᠢᠷᠤᠭ ᠲᠥᠯᠥᠪᠯᠡᠭᠡ ᠨᠢ ᠣᠷᠳᠣ ᠴᠠᠭᠠᠨ | ᠬᠡᠷᠡᠮ ᠤᠨ ᠪᠦᠲᠦᠴᠡ ᠶᠢᠨ ᠡᠯᠧᠮᠧᠨ᠋ᠲ ᠢ ᠢᠯᠡᠷᠡᠭᠦᠯᠵᠦ᠂ ᠲᠡᠦᠬᠡ ᠶᠢᠨ ᠮᠡᠳᠡᠷᠡᠮᠵᠢ ᠲᠠᠢ ᠵᠢᠪᠡ ᠶᠢᠨ ᠲᠣᠯᠪᠤᠲᠤ | ᠴᠢᠯᠠᠭᠤᠨ ᠮᠠᠲ᠋ᠧᠷᠢᠶᠠᠯ ᠪᠠ ᠣᠲᠣ ᠦᠶ᠎ᠡ ᠶᠢᠨ ᠮᠡᠳᠡᠷᠡᠮᠵᠢ ᠲᠠᠢ ᠰᠢᠯ ᠪᠦᠰᠡ ᠮᠠᠶ᠋ᠢᠭ ᠤᠨ ᠣᠷᠳᠣ ᠴᠣᠩᠬᠤ ᠶᠢ | ᠤᠶᠠᠯᠳᠤᠭᠤᠯᠵᠤ ᠪᠦᠲᠦᠭᠡᠨ᠎ᠡ᠃ | | | |