ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 509 ᠴᠢᠬᠤᠯᠠ ᠶᠡᠭᠡ ᠰᠠᠭᠤᠷᠢ  ᠪᠡᠯᠡᠳᠬᠡᠮᠵᠢ ᠶᠢᠨ ᠲᠥᠷᠥᠯ ᠵᠦᠢᠯ ᠢ  ᠲᠦᠯᠦᠪᠵᠢᠭᠦᠯᠦᠨ ᠨᠥᠭᠡᠴᠡᠯᠡᠪᠡ
ᠨᠡᠶᠢᠲᠡᠯᠡᠭᠰᠡᠨ ᠴᠠᠭ᠄
2022/8/3
     ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠤᠷᠢᠳᠴᠢᠯᠠᠨ ᠪᠠᠶᠢᠷᠢᠰᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠰᠦᠯᠵᠢᠶᠡᠨ ᠤ ᠬᠡᠯᠪᠡᠷᠢ ᠶᠢᠨ ᠰᠠᠭᠤᠷᠢ  ᠪᠡᠯᠡᠳᠬᠡᠮᠵᠢ᠂ ᠠᠵᠤ ᠦᠢᠯᠡᠰ ᠢ ᠲᠡᠰ ᠳᠡᠪᠰᠢᠭᠦᠯᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ ᠪᠡᠯᠡᠳᠬᠡᠮᠵᠢ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ ᠰᠠᠭᠤᠷᠢ ᠪᠡᠯᠡᠳᠬᠡᠮᠵᠢ ᠵᠡᠷᠭᠡ 5 ᠲᠠᠯ᠎ᠠ᠂ 10 ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠥᠭᠡᠴᠡ ᠪᠠᠷ ᠬᠦᠴᠦᠷᠬᠡᠭ ᠢ ᠳᠠᠶᠢᠴᠢᠯᠠᠬᠤ᠂ ᠠᠯᠤᠰ ᠢᠷᠡᠭᠡᠳᠦᠢ ᠳᠤ ᠠᠰᠢᠭᠲᠠᠢ᠂ ᠰᠡᠯᠭᠦᠬᠦ ᠬᠦᠴᠦᠨ ᠢ ᠨᠡᠮᠡᠭᠳᠡᠭᠦᠯᠬᠦ ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠢ ᠲᠦᠯᠦᠪᠵᠢᠬᠦᠯᠵᠦ ᠪᠠᠶᠢᠨ᠎ᠠ᠃      ᠣᠲᠣ ᠪᠣᠯᠬᠤ ᠳᠤ ᠨᠢᠭᠡᠨᠲᠡ 509 ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ  ᠲᠦᠯᠦᠪᠵᠢᠭᠦᠯᠦᠨ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 7735 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠤ ᠬᠠᠮᠲᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ ᠪᠠᠷ ᠪᠠᠶᠢᠭ᠎ᠠ ᠲᠥᠷᠥᠯ ᠵᠦᠢᠯ ᠢ ᠡᠮᠬᠢᠯᠡᠨ ᠰᠢᠭᠰᠢᠨ ᠰᠣᠩᠭᠤᠵᠤ᠂ ᠭᠤᠣᠯᠳᠠᠯᠭ᠎ᠠ ᠲᠠᠢ ᠲᠦᠯᠬᠢᠨ ᠠᠬᠢᠭᠤᠯᠬᠤ 163 ᠲᠥᠷᠥᠯ ᠵᠦᠢᠯ ᠢ ᠠᠩᠬ᠎ᠠ ᠠᠯᠬᠤᠮ ᠲᠣᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 2083 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠠᠭᠠᠴᠢ ᠪᠠᠷ ᠤᠯᠤᠰ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠲᠡᠮᠡᠴᠡᠨ ᠣᠯᠬᠤ᠂ ᠲᠥᠷᠥᠯ ᠵᠦᠢᠯ ᠢ ᠥᠨᠳᠥᠷ ᠪᠦᠲᠦᠮᠵᠢᠲᠡᠶ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠰᠠᠶᠢᠲᠤᠷ ᠪᠡᠯᠡᠳᠬᠡᠯ ᠬᠢᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号