ᠪᠣᠣ ᠭᠠᠩ ᠾᠧ ᠬᠠᠢ ᠳ᠋ᠦᠩ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ ᠷᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/3
     ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ  ᠴᠧᠨ ᠱᠢ ᠢ ᠠᠺᠠᠳᠧᠮᠢᠴᠢ᠂ ᠵᠠᠩ ᠳ᠋ᠦᠩ ᠰᠢᠶᠣᠣ ᠠᠺᠠᠳᠧᠮᠢᠴᠢ᠂ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ ᠷᠦᠩ ᠲᠠᠢ ᠠᠭᠤᠯᠵᠠᠪᠠ      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠢᠦᠢ ᠷᠧᠨ ᠷᠦᠩ ᠨᠠᠷ ᠤᠨ ᠬᠥᠬᠡᠬᠤᠲᠠ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠳᠠᠪᠠᠭᠤᠯᠢᠭ ᠪᠣᠯᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠳᠥᠭᠦᠮᠬᠡᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠳᠣᠬᠠᠨ ᠳᠤ᠂ ᠬᠥᠬᠡᠬᠤᠲᠠ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠣᠷᠣᠨ ᠤ ᠲᠥᠪ ᠬᠤᠲᠠ ᠶᠢᠨ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ᠂ ᠣᠲᠣ ᠦᠶ᠎ᠡ ᠶᠢᠨ ᠠᠮᠢᠳᠤ ᠪᠣᠳᠠᠰ ᠤᠨ ᠡᠮ ᠡᠮᠨᠡᠯᠭᠡ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠢ ᠶᠡᠭᠡ ᠪᠠᠷ ᠪᠣᠶᠢᠵᠢᠭᠤᠯᠵᠤ ᠪᠠᠶᠢᠨ᠎ᠠ᠂ ᠡᠲᠡᠭᠡᠷ ᠠᠵᠤ ᠦᠢᠯᠡᠰ ᠨᠢ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠤ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ ᠃ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠡᠯᠢᠶᠡᠳ ᠴᠢᠩᠭ᠎ᠠ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠤ ᠦᠢᠯᠡᠰ ᠤᠨ ᠨᠡᠶᠢᠳᠬᠡᠯ᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠵᠡᠷᠭᠡ ᠳᠠᠪᠠᠭᠤᠯᠢᠭ ᠲᠠᠢ ᠪᠠᠶᠢᠵᠤ᠂ ᠭᠦᠨᠵᠡᠭᠡᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠬᠦ ᠶᠢ ᠳᠡᠮᠵᠢᠬᠦ ᠳᠤ ᠢᠳᠡᠪᠬᠢᠲᠡᠢ ᠣᠷᠤᠯᠴᠠᠬᠤ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠡᠯ᠎ᠡ ᠲᠦᠷᠦᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠣᠯᠣᠨ ᠴᠢᠳᠠᠪᠤᠷᠢᠲᠠᠨ ᠳᠤ ᠣᠨᠣᠪᠴᠢᠲᠠᠢ ᠥᠨᠳᠥᠷ ᠦᠷ᠎ᠡ ᠪᠦᠲᠦᠮᠵᠢᠲᠡᠢ ᠦᠢᠯᠡᠴᠢᠯᠡᠭᠡ ᠬᠠᠩᠭᠠᠨ᠎ᠠ ᠭᠡᠵᠡᠢ᠃      ᠢᠦᠢ ᠷᠧᠨ ᠷᠦᠩ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂ ᠪᠡᠭᠡᠵᠢᠩ ᠠᠴᠠ ᠬᠠᠮᠤᠭ ᠤᠨ ᠣᠶᠢᠷ᠎ᠠ ᠪᠠᠶᠢᠭ᠎ᠠ ᠮᠤᠵᠢ ᠶᠢᠨ ᠲᠥᠪ ᠬᠤᠳᠠ ᠶᠢᠨ ᠨᠢᠭᠡ ᠪᠣᠯᠬᠤ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠢᠷᠡᠭᠡᠳᠦᠢ ᠳᠤ᠂ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠴᠠᠬᠢᠭᠤᠷ ᠤᠨ ᠠᠵᠢᠯ ᠲᠦᠷᠦᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠠᠮᠲᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠵᠦ᠂ ᠣᠷᠣᠨ ᠤ ᠲᠥᠪ ᠬᠤᠲᠠ ᠶᠢᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠨ᠎ᠡ ᠭᠡᠪᠡ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号