7 ᠰᠠᠷ᠎ᠠ ᠶᠢᠨ 29 ᠤ ᠡᠳᠦᠷ᠂ 2022 ᠣᠨ ᠤ ᠦᠪᠦᠷ ᠮᠣᠩᠭᠤᠯ ᠤᠨ ᠤᠶᠤᠲᠠᠳ ᠤᠨ ᠪᠠᠷᠠᠭᠤᠨ | ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠦᠯᠦᠪᠯᠡᠭᠡ ᠶᠢᠨ ᠰᠠᠶᠢᠨ ᠳᠤᠷᠠᠴᠤᠳ ᠤᠨ ᠮᠣᠷᠳᠠᠬᠤ | ᠶᠣᠰᠤᠯᠠᠯ ᠬᠦᠬᠡᠬᠤᠲᠠ ᠳᠤ ᠶᠠᠪᠤᠭᠳᠠᠵᠠᠢ᠃ ᠡᠶᠢᠨ ᠬᠦ 1053 ᠰᠠᠶᠢᠨ ᠳᠤᠷᠠᠴᠤᠳ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠱᠠᠲᠤᠨ ᠳᠤ ᠬᠦᠷᠴᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠳᠤ ᠵᠠᠯᠠᠭᠤ | ᠨᠠᠰᠤᠨ ᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | ︽ᠦᠪᠦᠷ ᠮᠣᠩᠭᠤᠯ ᠪᠣᠯ ᠮᠢᠨᠤ ᠬᠤᠶᠠᠳᠤᠭᠠᠷ ᠨᠤᠲᠤᠭ ᠮᠦᠨ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠠᠮᠠᠯᠠᠯᠲᠠ ᠪᠠᠨ ᠦᠢᠯᠡᠳᠦᠯᠭᠡᠵᠢᠭᠦᠯᠵᠦ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ | ᠰᠠᠴᠤᠷᠠᠭᠤᠯᠤᠨ᠎ᠠ︾ ᠭᠡᠵᠦ ᠪᠡᠭᠡᠵᠢᠩ ᠶᠡᠭᠡ ᠰᠤᠷᠭᠠᠭᠤᠯᠢ ᠶᠢᠨ 2022 ᠣᠨ ᠤ ᠪᠠᠷᠠᠭᠤᠨ ᠣᠷᠣᠨ ᠤ | ᠲᠦᠯᠦᠪᠯᠡᠭᠡ ᠶᠢᠨ ᠠᠰᠫᠢᠷᠠᠨᠲ ᠤᠨ ᠰᠤᠷᠭᠠᠨ ᠬᠦᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ | ᠵᠧᠩ ᠹᠠᠩ ᠢ ᠬᠡᠯᠡᠯ᠎ᠡ᠃ | ᠣᠶᠢᠯᠠᠭᠠᠭᠰᠠᠨ ᠢᠶᠠᠷ᠂ 2022 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ | ᠪᠠᠷᠠᠭᠤᠨ ᠣᠷᠣᠨ ᠤ ᠲᠦᠯᠦᠪᠯᠡᠭᠡ ᠶᠢᠨ ᠰᠠᠶᠢᠨ ᠳᠤᠷᠠᠴᠤᠳ ᠢ 1053 ᠬᠦᠮᠦᠨ ᠡᠯᠰᠡᠵᠡᠢ᠂ ᠡᠭᠦᠨ ᠳᠤ ᠪᠦᠬᠦ | ᠤᠯᠤᠰ ᠤᠨ ᠲᠦᠷᠦᠯ ᠵᠦᠢᠯ ᠤᠨ ᠰᠠᠶᠢᠨ ᠳᠤᠷᠠᠴᠣᠳ 400 ᠬᠦᠮᠦᠨ ᠪᠠᠶᠢᠵᠣ᠂ ︽ᠤᠶᠤᠳᠠᠳ ᠤᠨ ᠰᠠᠶᠢᠨ | ᠳᠤᠷ᠎ᠠ ᠠᠴᠠ ᠪᠠᠨ ᠬᠥᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠦᠢᠯᠡᠴᠢᠯᠡᠬᠦ︾ ᠪᠠᠷᠠᠭᠤᠨ ᠣᠷᠣᠨ ᠤ | ᠲᠦᠯᠦᠪᠯᠡᠭᠡ ᠶᠢᠨ ᠥᠪᠥᠷ ᠮᠣᠩᠭᠤᠯ ᠤᠨ ᠣᠷᠣᠨ ᠨᠤᠲᠤᠭ ᠤᠨ ᠲᠦᠷᠦᠯ ᠵᠦᠢᠯ ᠤᠨ ᠰᠠᠶᠢᠨ ᠳᠤᠷᠠᠴᠤᠳ 653 | ᠬᠦᠮᠦᠨ ᠪᠣᠢ᠃ | ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠦᠯᠦᠪᠯᠡᠭᠡ ᠶᠢᠨ ᠲᠦᠷᠦᠯ | ᠵᠦᠢᠯ ᠢ ᠣᠨ ᠳᠤ ᠦᠪᠦᠷ ᠮᠣᠩᠭᠤᠯ ᠳᠤ ᠬᠡᠷᠡᠭᠵᠢᠬᠦᠯᠦᠭᠰᠡᠨ ᠠᠴᠠ ᠨᠠᠭᠠᠰᠢ᠂ ᠰᠠᠶᠢᠨ ᠳᠤᠷᠠᠴᠤᠳ ᠨᠡᠶᠢᠲᠡ 1.2 | ᠭᠠᠷᠤᠢ ᠲᠦᠮᠡ ᠬᠦᠷᠴᠦ᠂ ᠡᠭᠦᠨ ᠳᠤ 6000 ᠭᠠᠷᠤᠢ ᠰᠠᠶᠢᠨ ᠳᠤᠷᠠᠴᠤᠳ ᠨᠢ ᠦᠢᠯᠡᠴᠢᠯᠡᠬᠦ ᠬᠤᠭᠤᠴᠠᠭ᠎ᠠ ᠨᠢ | ᠭᠦᠢᠴᠡᠭᠰᠡᠨ ᠤ ᠳᠠᠷᠠᠭ᠎ᠠ ᠦᠪᠦᠷ ᠮᠣᠩᠭᠤᠯ ᠤᠨ ᠪᠦᠳᠦᠭᠡᠨ ᠪᠠᠶᠢᠭᠤᠯᠤᠯᠲᠠ ᠳᠤ ᠥᠷᠭᠦᠯᠵᠢᠯᠡᠨ ᠣᠷᠤᠯᠴᠠᠬᠤ ᠪᠠᠷ | ᠨᠢᠭᠡᠨᠲᠡ ᠥᠪᠥᠷ ᠮᠣᠩᠭᠤᠯ ᠣᠷᠣᠨ ᠳᠤ ᠨᠤᠲᠤᠭᠰᠢᠵᠠᠢ᠃ | | |