2022 ᠣᠨ ᠤ ᠬᠥᠬᠡᠬᠤᠲᠠ ᠶᠢᠨ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2022/8/3
     ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠥᠯᠢᠭᠡᠷ ᠢ ᠰᠠᠶᠢᠲᠤᠷ ᠶᠠᠷᠢᠵᠤ᠂ ᠴᠡᠷᠢᠭ ᠠᠴᠠ ᠬᠠᠯᠠᠭᠳᠠᠭᠰᠠᠳ ᠤᠨ ︽ᠴᠡᠷᠢᠭ ᠡᠴᠡ‌ᠬᠠᠯᠠᠭᠳᠠᠭᠰᠠᠨ ᠴᠤ ᠥᠩᠭᠡ ᠪᠠᠭᠤᠷᠠᠬᠤ ᠦᠭᠡᠢ᠂ ᠴᠡᠷᠢᠭ ᠠᠴᠠ  ᠬᠠᠯᠠᠭᠳᠠᠭᠰᠠᠨ ᠴᠤ ᠵᠣᠷᠢᠭ ᠮᠣᠬᠤᠬᠤ ᠦᠭᠡᠢ︾ ᠴᠤᠭ ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ 7  ᠳ᠋ᠤᠭᠠᠷ ᠰᠠᠷ᠎ᠠ ᠶᠢᠨ 31 ᠤ ᠣᠷᠣᠢ᠂ 2022 ᠣᠨ ᠤ ᠬᠥᠬᠡᠬᠤᠲᠠ ᠶᠢᠨ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠢ ᠨᠡᠶᠢᠲᠡᠯᠡᠬᠦ ᠶᠣᠰᠣᠯᠠᠯ ᠬᠥᠬᠡᠬᠤᠲᠠ ᠶᠢᠨ ᠶᠡᠭᠡ ᠵᠣᠣ ᠲᠠᠯᠠᠪᠠᠶ ᠳᠤ ᠶᠠᠪᠤᠭᠳᠠᠪᠠ᠃      ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠨᠡᠶᠢᠲᠡᠯᠡᠭᠰᠡᠨ 2022 ᠣᠨ ᠤ ᠬᠥᠬᠡᠬᠤᠲᠠ ᠶᠢᠨ 56 ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠵᠡᠷᠭᠡ ᠭᠤᠷᠪᠠᠨ ᠨᠢᠭᠡᠴᠡ ᠠᠴᠠ ᠴᠢᠩᠭ᠎ᠠ ᠰᠢᠯᠢᠨ ᠰᠣᠩᠭᠤᠬᠤ ᠴᠣᠪᠤᠷᠠᠯ ᠢᠶᠠᠷ ᠳᠠᠮᠵᠢᠨ ᠲᠣᠭᠲᠠᠭᠠᠭᠰᠠᠨ ᠶᠤᠮ᠃ ᠲᠡᠳᠡ ᠪᠣᠯ ᠴᠥᠮ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠬᠢᠵᠦ ᠦᠢᠯᠡᠰ ᠪᠦᠲᠦᠭᠡᠬᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠨᠡᠶᠢᠲᠡ ᠶᠢᠨ ᠠᠰᠠᠷᠠᠮᠵᠢ ᠪᠠᠷ ᠬᠠᠶᠢᠷ᠎ᠠ ᠬᠠᠯᠠᠮᠵᠢ ᠪᠠᠨ ᠳᠠᠮᠵᠢᠭᠤᠯᠬᠤ᠂ ᠠᠶᠤᠯ ᠠᠴᠠ ᠠᠪᠤᠷᠠᠵᠤ ᠬᠦᠴᠢᠷᠳᠡᠯᠲᠡᠢ ᠶᠢ ᠲᠤᠰᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠭᠠᠷᠭᠠᠭᠰᠠᠨ ᠰᠢᠯᠢᠳᠡᠭ ᠴᠡᠷᠢᠭ ᠠᠴᠠ ᠬᠠᠯᠠᠭᠳᠠᠭᠰᠠᠳ ᠪᠣᠯᠣᠨ᠎ᠠ᠃ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠨ ᠤᠬᠠᠭᠤᠯᠬᠤ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠢᠳᠡᠪᠬᠢ ᠬᠦᠴᠦᠨ ᠢ ᠪᠠᠳᠠᠷᠠᠭᠤᠯᠵᠤ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠶᠢ ᠬᠦᠲᠦᠯᠦᠨ ᠲᠠᠭᠠᠭᠤᠯᠪᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号