| | ᠪᠣᠣ ᠭᠠᠩ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ ᠼᠤᠤ ᠰᠧ ᠶᠠᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 28 ᠤ ᠡᠳᠦᠷ᠂ ᠪᠦᠬᠦ ᠬᠤᠳᠠ ᠶᠢᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ | ᠬᠤᠳᠠ ᠲᠣᠭᠤᠷᠢᠭ᠂ ᠬᠤᠲᠤᠩ ᠠᠷᠠᠳ ᠤᠨ ᠲᠣᠭᠤᠷᠢᠭ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ | ᠵᠠᠰᠠᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠬᠤᠲᠠ ᠶᠢᠨ ᠰᠢᠨᠡᠴᠢᠯᠡᠯᠲᠡ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠬᠢᠯᠠᠰ ᠴᠡᠭ ᠢ ᠲᠤᠬᠠᠢ ᠶᠢᠨ ᠭᠠᠵᠠᠷ | ᠨᠢ ᠲᠣᠭᠤᠷᠢᠨ ᠦᠵᠡᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ | ᠬᠢᠵᠦ ᠠᠳᠠᠯ ᠦᠢᠯᠡᠰ ᠴᠣᠭᠴᠠᠯᠠᠬᠤ᠂ ᠠᠳᠠᠯᠢᠳᠬᠠᠨ ᠰᠤᠷᠤᠯᠴᠠᠵᠤ ᠬᠥᠭᠡᠭᠡᠵᠦ ᠭᠦᠶᠴᠡᠬᠦ ᠪᠠ ᠳᠠᠪᠠᠵᠤ ᠭᠠᠷᠬᠤ | ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠬᠥᠭᠵᠢᠭᠡᠵᠦ᠂ ᠬᠠᠷᠢᠯᠴᠠᠨ ᠯᠠᠪᠯᠠᠯᠲᠠ ᠪᠣᠯᠭᠠᠬᠤ᠂ ᠬᠠᠷᠢᠯᠴᠠᠨ | ᠬᠥᠭᠡᠭᠡᠴᠡᠯᠳᠦᠬᠦ᠂ ᠦᠨᠡᠨ ᠠᠳᠬᠤᠵᠤ ᠪᠣᠳᠠᠲᠠᠢ ᠠᠵᠢᠯᠯᠠᠬᠤ ᠠᠵᠢᠯ ᠤᠨ ᠪᠠᠶᠢᠳᠠᠯ ᠢ ᠪᠣᠶ ᠪᠣᠯᠭᠠᠵᠤ᠂ ᠣᠷᠣᠨ ᠤ | ᠲᠥᠪ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠣᠣ ᠭᠠᠩ ᠠᠬᠤᠢ ᠲᠠᠯᠠᠪᠠᠢ ᠶᠢᠨ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ | ᠶᠠᠷᠢᠶ᠎ᠠ ᠲᠠᠯᠪᠢᠵᠤ᠂ ᠾᠧ ᠬᠠᠢ ᠳ᠋ᠦᠩ᠂ ᠴᠠᠩ ᠫᠧᠢ ᠵᠥᠩ᠂ ᠯᠢ ᠵᠢᠶᠦ᠋ᠩ ᠵᠡᠷᠭᠡ ᠬᠤᠲᠠ ᠶᠢᠨ ᠤᠳᠤᠷᠢᠳᠤᠯᠭ᠎ᠠ | ᠪᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ ᠬᠤᠲᠠ ᠶᠢᠨ ᠤᠳᠤᠷᠢᠳᠤᠯᠭ᠎ᠠ ᠼᠤᠤ ᠰᠧ ᠶᠠᠩ᠂ ᠱᠠᠩ ᠵᠢᠩ ᠮᠢᠨ ᠲᠣᠰ ᠲᠣᠰ ᠤᠨ ᠳᠠᠭᠠᠭᠠᠴᠢᠯᠠᠨ | ᠬᠠᠷᠢᠯᠴᠠᠬᠤ ᠭᠠᠵᠠᠷ ᠣᠷᠣᠨ ᠤ ᠪᠠᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠦᠨᠡᠯᠡᠯᠲᠡ ᠬᠢᠪᠡ᠃ | ᠲᠤᠰ ᠡᠳᠦᠷ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠥᠪᠥᠷ | ᠮᠣᠩᠭᠤᠯ ᠤᠨ ᠰᠢᠨ ᠶᠤᠸᠠᠨ ᠰᠦᠯᠵᠢᠶᠡᠨ ᠤ ᠠᠶᠤᠯᠭᠦᠢ ᠶᠢᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠂ ᠷᠦᠩ ᠹᠧᠩ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ | ᠣᠶᠤᠲᠠᠳ ᠤᠨ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠲᠥᠷᠥᠯ ᠵᠦᠢᠯ᠂ ᠥᠪᠥᠷ ᠮᠣᠩᠭᠤᠯ ᠤᠨ ᠳ᠋ᠦᠩ ᠴᠧᠩ ᠡᠮᠨᠡᠯᠭᠡ ᠶᠢᠨ ᠬᠤᠷᠢᠶᠠᠨ ᠤ ᠲᠥᠷᠥᠯ ᠵᠦᠢᠯ᠂ | ᠰᠡᠩᠭᠡ ᠠᠶᠢᠯ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠬᠠᠭᠤᠴᠢᠨ ᠠᠶᠢᠯ ᠤᠨ | ᠲᠥᠪᠬᠢᠨᠡᠭᠦᠯᠬᠦ ᠪᠠᠲᠤᠯᠠᠭ᠎ᠠ ᠶᠢᠨ ᠣᠷᠣᠨ ᠰᠠᠭᠤᠴᠠ ᠶᠢᠨ ᠲᠥᠷᠥᠯ ᠵᠦᠢᠯ᠂ ᠬᠥᠯᠥᠨ ᠵᠠᠮ ᠤᠨ ᠣᠷᠣᠨ ᠪᠦᠰᠡ ᠶᠢᠨ | ᠦᠢᠯᠡᠴᠢᠯᠡᠭᠡᠨ ᠤ ᠲᠥᠪ᠂ ᠪᠧᠢ ᠶᠤᠸᠠᠨ ᠪᠠᠭ᠎ᠠ ᠰᠤᠷᠭᠠᠭᠤᠯᠢ ᠶᠢᠨ ᠰᠢᠨ ᠶᠠ ᠰᠤᠷᠭᠠᠭᠤᠯᠢ ᠶᠢᠨ ᠲᠣᠭᠤᠷᠢᠭ ᠤᠨ | ᠲᠥᠷᠥᠯ ᠵᠦᠢᠯ ᠵᠢᠴᠢ ᠲᠦᠩ ᠰᠢᠨ ᠶᠤᠸᠠᠨ ᠬᠤᠷᠢᠶᠠᠯᠠᠯ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠬᠤᠷᠢᠶᠠᠯᠠᠯ ᠢ ᠨᠡᠶᠢᠯᠡᠭᠦᠯᠬᠦ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠬᠤᠲᠣᠩ | ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠭᠠᠭᠴᠠ ᠭᠡᠷ ᠲᠣᠰᠬᠤᠨ ᠤ ᠰᠣᠶᠣᠯ ᠤᠨ | ᠪᠦᠲᠦᠭᠡᠯᠴᠢ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠮᠧᠩ ᠯᠢᠶᠠᠩ ᠤᠨ ᠵᠠᠩ ᠦᠢᠯᠡ ᠶᠢᠨ | ᠬᠦᠷᠢᠶᠡᠯᠡᠩ᠂ ᠹᠧᠢ ᠶᠢᠩ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠬᠤᠲᠠ ᠶᠢᠨ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠰᠤᠷᠭᠠᠭᠤᠯᠢ᠂ ᠨᠣᠮ ᠤᠨ ᠰᠠᠩ ᠤᠨ ᠲᠥᠷᠥᠯ ᠵᠦᠢᠯ᠂ | ᠴᠢᠩ ᠺᠠᠢ ᠪᠢᠴᠢᠯ ᠴᠡᠴᠡᠷᠯᠢᠭ ᠤᠨ ᠲᠥᠷᠥᠯ ᠵᠦᠢᠯ ᠪᠠ ᠠᠯᠠᠱᠠ ᠬᠤᠶᠢᠲᠤ ᠵᠠᠮ ᠤᠨ ᠣᠷᠣᠨ ᠪᠦᠰᠡ ᠶᠢᠨ | ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ ᠲᠤᠬᠠᠢ ᠶᠢᠨ ᠲᠠᠯᠠᠪᠠᠢ ᠳᠤ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠭᠦ ᠬᠦᠴᠦᠨ᠂ ᠬᠤᠳᠠ ᠶᠢᠨ ᠵᠠᠰᠠᠯᠲᠠ ᠶᠢᠨ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ ︽ᠡᠭᠦᠷ ᠪᠠᠷᠢᠵᠤ ᠭᠠᠷᠤᠳᠢ ᠶᠢ ᠤᠷᠢᠬᠤ︾ ᠲᠠᠲᠠᠬᠤ ᠬᠦᠴᠦᠨ ᠪᠠ | ᠬᠤᠳᠠ ᠶᠢᠨ ᠣᠷᠴᠢᠨ ᠲᠣᠭᠤᠷᠢᠨ ᠤ ᠳᠡᠭᠡᠭᠰᠢᠯᠡᠯᠲᠡ ᠶᠢᠨ ᠲᠠᠲᠠᠬᠤ ᠬᠦᠴᠦᠨ ᠢ ᠣᠶᠢᠯᠠᠭᠠᠪᠠ ᠁ | ᠤᠯᠠᠨ ᠢᠶᠠᠷ ᠢᠶᠠᠨ ᠪᠣᠷᠣᠭᠠᠨ ᠤ ᠳᠤᠮᠳᠠ ᠶᠠᠪᠤᠬᠤ ᠶᠢᠨ ᠳᠠᠭᠠᠤ ᠦᠵᠡᠵᠦ᠂ ᠶᠠᠷᠢᠯᠴᠠᠨ ᠰᠡᠳᠬᠢᠨ ᠪᠣᠳᠣᠯᠬᠢᠯᠠᠵᠤ᠂ | ᠬᠠᠷᠢᠯᠴᠠᠨ ᠬᠠᠷᠢᠴᠠᠭᠤᠯᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠵᠣᠷᠢᠭᠵᠢᠭᠤᠯᠤᠨ ᠬᠥᠭᠵᠢᠯᠲᠡ ᠶᠢ ᠠᠮᠵᠢᠨ | ᠠᠳᠬᠤᠵᠤ᠂ ᠠᠵᠢᠯ ᠬᠢᠵᠦ ᠦᠢᠯᠡᠰ ᠪᠦᠲᠦᠭᠡᠬᠦ ᠬᠠᠮᠲᠤ ᠶᠢᠨ ᠲᠠᠨᠢᠯᠲᠠ ᠪᠠ ᠬᠦᠴᠦᠨ ᠢ ᠤᠯᠠᠮ ᠨᠢᠭᠡ ᠠᠯᠬᠤᠮ | ᠨᠢᠭᠲᠠᠷᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠪᠣᠯ ᠬᠤᠳᠠ ᠶᠢᠨ ᠬᠥᠭᠵᠢᠯᠲᠡ ᠶᠢᠨ ᠦᠨᠳᠦᠰᠦ ᠪᠠ | ᠦᠢᠯᠡᠰ ᠪᠣᠰᠬᠠᠬᠤ ᠠᠵᠢᠯ ᠣᠯᠭᠤᠯᠲᠠ ᠶᠢ ᠳᠠᠶᠢᠴᠢᠯᠠᠬᠤ ᠴᠢᠬᠤᠯᠠ ᠲᠦᠰᠢᠭ ᠪᠣᠯᠣᠨ᠎ᠠ᠃ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠰ ᠢ | ᠰᠢᠯᠢᠳᠡᠭᠵᠢᠭᠦᠯᠬᠦ᠂ ᠠᠵᠤ ᠦᠢᠯᠡᠰ ᠢ ᠳᠡᠭᠡᠭᠰᠢᠯᠡᠭᠦᠯᠬᠦ᠂ ᠠᠵᠤ ᠦᠢᠯᠡᠰ ᠢ ᠪᠤᠵᠠᠭᠠᠶᠢᠷᠠᠭᠤᠯᠬᠤ ᠳᠤ ᠪᠤᠢ᠃ ᠰᠢᠨ᠎ᠡ | ᠬᠤᠳᠠ ᠲᠣᠭᠤᠷᠢᠭ ᠪᠣᠯᠣᠨ ᠬᠤᠲᠣᠩ ᠠᠷᠠᠳ ᠤᠨ ᠲᠣᠭᠤᠷᠢᠭ ᠤᠨ ᠬᠢᠨ ᠲᠤᠰ ᠲᠤᠰ ᠤᠨ ᠬᠠᠷᠢᠴᠠᠭᠤᠯᠤᠭᠰᠠᠨ | ᠳᠠᠪᠠᠭᠤᠯᠢᠭ ᠲᠠᠭᠠᠨ ᠲᠦᠰᠢᠭᠯᠡᠵᠦ᠂ ᠶᠡᠷᠦᠩᠬᠡᠢ ᠬᠡᠯᠲᠡᠰ ᠤᠨ ᠠᠵᠤ ᠠᠬᠤᠢ᠂ ᠠᠰᠠᠷ ᠲᠠᠭᠲᠤ ᠶᠢᠨ ᠠᠵᠤ ᠠᠬᠤᠢ ᠶᠢ | ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠪᠣᠯᠣᠨ ᠤᠯᠠᠮᠵᠢᠯᠠᠯᠲᠤ | ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠲᠡᠰ ᠳᠡᠪᠰᠢᠬᠦ᠂ ᠭᠤᠷᠪᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ | ᠰᠢᠯᠢᠳᠡᠭᠵᠢᠭᠦᠯᠬᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠰᠢᠨ᠎ᠡ ᠶᠢ ᠡᠭᠦᠳᠬᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠬᠤ ᠳᠤ ᠬᠦᠴᠦ ᠣᠷᠣᠭᠤᠯᠵᠤ᠂ ᠠᠵᠤ | ᠦᠢᠯᠡᠰ ᠤᠨ ᠬᠥᠭᠵᠢᠯᠲᠡ ᠪᠠᠷ ᠬᠤᠳᠠ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ | ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠠᠨ ᠤ | ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠡᠷᠬᠡᠪᠰᠢ ᠣᠷᠣᠨ ᠤ ᠲᠥᠪ ᠬᠤᠲᠠ ᠶᠢᠨ | ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠳᠤ | ᠰᠠᠭᠤᠷᠢᠯᠠᠨ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠵᠤ᠂ ᠠᠯᠤᠰ ᠭᠡᠳᠤ ᠶᠢᠨ | ᠬᠥᠭᠵᠢᠯᠲᠡ ᠶᠢ ᠲᠥᠯᠥᠪᠵᠢᠭᠦᠯᠵᠦ᠂ ︽ᠴᠢᠳᠠᠪᠤᠷᠢᠲᠠᠨ ᠢ ᠲᠠᠲᠠᠵᠤ ᠬᠥᠮᠥᠨ ᠢ ᠦᠯᠡᠳᠡᠭᠡᠬᠦ︾ ᠠᠵᠢᠯ ᠢ ᠦᠨᠡᠨᠬᠦ | ᠰᠠᠶᠢᠲᠤᠷ ᠬᠢᠵᠦ᠂ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠠᠭᠤᠬᠤ ᠳᠤ ᠲᠣᠬᠢᠷᠠᠮᠵᠢᠲᠠᠢ ᠰᠤᠷᠤᠯᠴᠠᠬᠤ ᠳᠤ ᠲᠣᠬᠢᠷᠠᠮᠵᠢᠲᠠᠢ ᠵᠤᠭᠠᠴᠠᠬᠤ ᠳᠤ | ᠲᠣᠬᠢᠷᠠᠮᠵᠢᠲᠠᠢ ᠬᠤᠳᠠ ᠶᠢ ᠡᠭᠦᠳᠦᠨ ᠪᠠᠶᠢᠭᠤᠯᠵᠤ᠂ ᠵᠠᠯᠠᠭᠤᠴᠤᠳ ᠢ ᠰᠠᠶᠢᠲᠤᠷ ᠦᠯᠡᠳᠡᠭᠡᠬᠦ ᠬᠡᠷᠡᠭᠲᠡᠢ᠃ | ᠨᠡᠶᠢᠭᠡᠮ ᠤᠨ ᠵᠠᠰᠠᠯᠲᠠ ᠪᠣᠯᠣᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠬᠤᠲᠠ ᠶᠢᠨ ᠬᠡᠪᠴᠢᠶᠡᠨ ᠤ ᠣᠳᠣᠬᠢᠴᠢᠯᠠᠭᠰᠠᠨ ᠵᠠᠰᠠᠯᠲᠠ ᠶᠢᠨ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ | ᠬᠠᠪᠲᠠᠭᠠᠶᠢᠷᠠᠭᠤᠯᠤᠨ ᠵᠠᠰᠠᠬᠤ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠥᠨᠳᠥᠷ ᠪᠦᠲᠦᠮᠵᠢᠲᠡᠶ | ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠨᠡᠶᠢᠭᠡᠮᠴᠢᠯᠡᠯᠲᠡ᠂ ᠬᠠᠤᠯᠢᠵᠢᠯ᠂ ᠣᠶᠤᠨᠴᠢᠯᠠᠯᠲᠠ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠡᠢ᠃a |