ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ︽ᠦᠨᠳᠦᠰᠦ ᠰᠤᠳᠠᠰᠤ︾ ᠶᠢ ᠵᠢᠩᠬᠢᠨᠢ ᠪᠠᠷ ᠡᠬᠢᠯᠡᠨ ᠨᠡᠪᠲᠡᠷᠡᠭᠦᠯᠪᠡ    ᠵᠧᠩ ᠬᠤᠩ ᠹᠠᠨ  ᠪᠣᠤ ᠰᠢᠶᠠᠨ ᠬᠤᠸᠠ ᠣᠷᠣᠯᠴᠠᠵᠠᠢ
ᠨᠡᠶᠢᠲᠡᠯᠡᠭᠰᠡᠨ ᠴᠠᠭ᠄
2022/8/30
     8 ᠰᠠᠷ᠎ᠠ ᠶᠢᠨ 27 ᠤ ᠦᠳᠡ ᠶᠢᠨ ᠡᠮᠦᠨ᠎ᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ︽ᠦᠨᠳᠦᠰᠦ ᠰᠤᠳᠠᠰᠤ︾ ᠶᠢ ᠡᠬᠢᠯᠡᠨ ᠨᠡᠪᠲᠡᠷᠡᠭᠦᠯᠬᠦ ᠶᠣᠰᠣᠯᠠᠯ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠡᠬᠢᠯᠡᠨ ᠨᠡᠪᠲᠡᠷᠡᠭᠦᠯᠬᠦ ᠶᠣᠰᠣᠯᠠᠯ ᠳᠤ ᠣᠷᠣᠯᠴᠠᠭᠰᠠᠨ ᠪᠥᠭᠡᠳ ︽ᠦᠨᠳᠦᠰᠦ ᠰᠤᠳᠠᠰᠤ︾ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ ᠪᠣᠯᠣᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠳᠤ ᠲᠤᠭ ᠣᠯᠭᠤᠵᠠᠢ᠃      ︽ᠦᠨᠳᠦᠰᠦ ᠰᠤᠳᠠᠰᠤ︾ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ᠨᠢ ᠳᠠᠮᠵᠢᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠢᠵᠠᠭᠤᠷ ᠡᠭᠦᠰᠦᠯ ᠨᠢᠭᠡᠲᠡᠢ᠂ ᠤᠳᠤᠮ ᠤᠯᠠᠮᠵᠢᠯᠠᠯ ᠨᠢᠭᠡᠲᠡᠢ ᠪᠠᠶᠢᠬᠤ ᠦᠨᠳᠦᠰᠦ ᠰᠤᠳᠠᠰᠤ ᠶᠢ ᠬᠠᠭᠤᠴᠢ ᠰᠤᠳᠤᠯᠤᠯ ᠢᠶᠠᠷ ᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ  ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠣᠨ᠎ᠠ᠃ ︽ᠦᠨᠳᠦᠰᠦ ᠰᠤᠳᠠᠰᠤ︾ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ᠨᠢ ᠥᠪᠥᠷ ᠮᠣᠩᠭᠤᠯ ᠤᠨ ᠬᠢᠯᠢ ᠳᠣᠲᠣᠷᠠᠬᠢ ᠬᠠᠳᠤᠨ ᠭᠤᠣᠯ ᠤᠨ ᠰᠠᠪᠠ ᠭᠠᠵᠠᠷ᠂ ᠯᠢᠶᠣᠤᠾᠧ ᠭᠤᠣᠯ ᠤᠨ ᠰᠠᠪᠠ ᠭᠠᠵᠠᠷ᠂ ᠤᠷᠳᠤ ᠴᠠᠭᠠᠨ ᠬᠡᠷᠡᠮ ᠳᠠᠭᠠᠤ ᠶᠢᠨ ᠲᠡᠦᠬᠡ ᠶᠢᠨ ᠦᠯᠡᠳᠡᠭᠳᠡᠯ ᠪᠣᠯᠣᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠰᠢᠨ᠎ᠡ ᠶᠢ ᠡᠭᠦᠳᠦᠭᠰᠡᠨ ᠤᠯᠠᠨ ᠵᠦᠢᠯ ᠤᠨ ᠢᠯᠡᠷᠡᠭᠦᠯᠬᠦ ᠬᠡᠯᠪᠡᠷᠢ ᠪᠠᠷ ᠳᠤᠮᠳᠠᠳᠤ ᠶᠢᠨ ᠪᠣᠯᠪᠠᠰᠤᠨ ᠤ ᠤᠯᠠᠮᠵᠢᠯᠠᠯ ᠬᠥᠭᠵᠢᠯᠲᠡ ᠶᠢᠨ ᠲᠡᠦᠬᠡᠨ ᠪᠣᠳᠠᠲᠤ ᠪᠠᠶᠢᠳᠠᠯ ᠢ ᠳᠡᠯᠭᠡᠨ ᠦᠵᠡᠭᠦᠯᠵᠦ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠰᠡᠳᠬᠢᠯ ᠬᠥᠳᠡᠯᠭᠡᠮ᠎ᠡ ᠦᠯᠢᠭᠡᠷ ᠢ ᠥᠭᠦᠯᠡᠨ ᠲᠣᠭᠠᠴᠢᠵᠤ᠂ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ ᠪᠣᠯᠣᠨ᠎ᠠ᠃ 8 ᠰᠠᠷ᠎ᠠ ᠶᠢᠨ 27 ᠤ ᠡᠳᠦᠷ ᠠᠴᠠ ᠡᠬᠢᠯᠡᠨ 9 ᠰᠠᠷ᠎ᠠ ᠶᠢᠨ 11 ᠤ ᠡᠳᠦᠷ ᠪᠣᠯᠲᠠᠯ᠎ᠠ᠂ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠦᠳᠡ ᠶᠢᠨ ᠡᠮᠦᠨᠡᠬᠢ 10᠄ 00 ᠴᠠᠭ ᠲᠤ ᠥᠪᠥᠷ ᠮᠣᠩᠭᠤᠯ ᠤᠨ ᠣᠳᠣᠨ ᠲᠧᠯᠸᠢᠰ ᠢᠶᠠᠷ ᠠᠩᠬ᠎ᠠ ᠨᠠᠪᠲᠠᠷᠡᠭᠦᠯᠵᠦ᠂ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠣᠷᠣᠢ ᠶᠢᠨ 19᠄ 30 ᠴᠠᠭ ᠲᠤ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ᠲᠤ ᠳᠠᠬᠢᠨ ᠨᠡᠪᠲᠡᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号