ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢᠶᠠᠨ ᠪᠠᠳᠠᠷᠠᠭᠤᠯᠵᠤ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/8/30
     ︵ᠰᠤᠷᠪᠤᠯᠵᠢᠯᠠᠭᠴᠢ ᠴᠢ ᠰᠢᠶᠣᠣ ᠶᠠᠨ︶ ᠮᠠᠨ ᠤ ᠬᠤᠲᠠ ᠶᠢᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠢᠳᠡᠭᠡᠨ ᠤ ᠠᠶᠤᠯᠭᠦᠢ ᠶᠢᠨ ᠠᠵᠢᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠬᠦᠲᠦᠴᠢ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠳᠦᠷᠢᠮ ᠲᠣᠭᠲᠠᠭᠠᠯ + ᠲᠥᠷᠥᠯ ᠵᠦᠢᠯ︾ ᠤᠨ ᠠᠷᠭ᠎ᠠ ᠮᠠᠶ᠋ᠢᠭ ᠢᠶᠠᠷ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ ᠢᠳᠡᠭᠡᠨ ᠤ ᠠᠵᠤ ᠠᠬᠤᠶᠢᠯᠠᠯ ᠪᠠ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠳᠤᠮᠳᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠢ ᠨᠡᠮᠡᠷᠢᠯᠡᠪᠡ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠲᠠᠯ᠎ᠠ ᠪᠠᠷ᠂ ᠮᠠᠨ ᠤ ᠬᠤᠲᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠪᠠᠶᠢᠭᠤᠯᠵᠤ᠂ ︽ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢᠨ ᠦᠨᠡᠯᠡᠯᠲᠡ ᠶᠢᠨ ᠨᠠᠷᠢᠨ ᠳᠦᠷᠢᠮ ︵2021 ᠣᠨ ᠤ ᠬᠡᠪᠯᠡᠯ︶︾ ︽ᠭᠤᠷᠪᠠᠳᠤᠭᠠᠷ ᠪᠦᠯᠦᠭ ᠤᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ︿ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ﹀ ᠲᠥᠷᠥᠯ ᠵᠦᠢᠯ ᠢ ᠬᠢᠨᠠᠨ ᠲᠣᠭᠲᠠᠭᠠᠬᠤ ᠨᠠᠷᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ︽ᠬᠥᠬᠡᠬᠤᠲᠠ ᠶᠢᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ︿ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ﹀ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠶᠢ ᠲᠣᠭᠲᠠᠭᠠᠬᠤ ᠶᠢᠨ ᠬᠠᠮᠲᠤ ᠲᠥᠷᠥᠯ ᠵᠦᠢᠯ ᠳᠤ ᠠᠵᠢᠯ ᠤᠨ ᠬᠤᠪᠢᠶᠠᠷᠢᠯᠠᠯ  ᠭᠠᠷᠭᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠲᠥᠷᠥᠯ ᠵᠦᠢᠯ ᠤᠨ ᠬᠠᠷᠢᠭᠤᠴᠠᠯᠭᠠᠲᠠᠨ᠂ ᠦᠨᠡᠯᠡᠬᠦ ᠠᠭᠤᠯᠭ᠎ᠠ ᠵᠢᠴᠢ ᠪᠣᠳᠠᠲᠠᠢ ᠬᠡᠷᠡᠭᠵᠢᠭᠦᠯᠬᠦ ᠱᠠᠭᠠᠷᠳᠠᠯᠭ᠎ᠠ ᠵᠡᠷᠭᠡ ᠶᠢ ᠲᠣᠭᠲᠠᠭᠠᠨ᠂ ︽ᠨᠠᠷᠢᠯᠢᠭ ᠣᠨᠣᠪᠴᠢᠲᠠᠢ ᠬᠡᠷᠡᠭᠵᠢᠭᠦᠯᠵᠦ᠂ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ︾ ᠪᠠᠷ ᠳᠠᠮᠵᠢᠭᠤᠯᠤᠨ᠂ ︽ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾ ᠲᠥᠷᠥᠯ ᠵᠦᠢᠯ ᠤᠨ ᠪᠣᠳᠠᠲᠤ ᠦᠷ᠎ᠡ ᠪᠦᠲᠦᠭᠡᠯ ᠢ ᠳᠡᠭᠡᠭᠰᠢᠯᠡᠭᠦᠯᠬᠦ ᠪᠠᠷ ᠴᠢᠷᠮᠠᠶᠢᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号