| | ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠬᠤᠲᠠ ᠭᠡᠷ ᠪᠠᠶᠢᠰᠢᠩ | ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠭᠡᠷ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠳᠤᠵᠤ ᠰᠠᠨᠠᠵᠤ ᠬᠦᠰᠡᠵᠦ ᠪᠠᠶᠢᠭ᠎ᠠ ᠵᠦᠢᠯ ᠢ ᠨᠢᠭᠤᠷᠲᠠᠨ ᠰᠣᠨᠣᠰᠴᠤ᠂ | ᠭᠡᠷ ᠭᠠᠵᠠᠷ ᠬᠥᠷᠥᠩᠭᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠢ ᠣᠶᠢᠯᠠᠭᠠᠵᠤ᠂ ᠣᠷᠣᠨ ᠤ ᠲᠥᠪ ᠤᠨ ᠭᠡᠷ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠦᠭᠵᠢᠯᠲᠡ ᠶᠢ | ᠠᠬᠢᠭᠤᠯᠪᠠ᠃ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠭᠡᠷ ᠭᠠᠵᠠᠷ ᠬᠥᠷᠥᠩᠭᠡ ᠶᠢᠨ ᠨᠡᠶᠢᠭᠡᠮᠯᠢᠭ᠂ ᠭᠡᠷ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠠᠵᠢᠯ ᠲᠥᠷᠥᠯ ᠪᠠ ᠠᠵᠤ ᠠᠬᠤᠶᠢᠯᠠᠯ ᠤᠨ ᠲᠠᠯ᠎ᠠ ᠠᠴᠠ᠂ ᠣᠷᠣᠨ ᠤ | ᠲᠥᠪ ᠤᠨ ᠭᠡᠷ ᠭᠠᠵᠠᠷ ᠬᠥᠷᠥᠩᠭᠡ ᠶᠢᠨ ᠦᠢᠯᠡᠰ ᠤᠨ ᠨᠠᠩ ᠰᠠᠶᠢᠨ ᠴᠢᠨᠠᠷ ᠰᠠᠶᠢᠲᠠᠢ ᠬᠦᠭᠵᠢᠯᠲᠡ ᠳᠤ ᠰᠠᠨᠠᠯ | ᠰᠠᠨᠠᠭᠤᠯᠭ᠎ᠠ ᠳᠤᠷᠠᠳᠴᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ︽ | ᠭᠡᠷ ᠪᠠᠶᠢᠰᠢᠩ ᠢ ᠰᠠᠭᠤᠬᠤ ᠠᠴᠠ ᠪᠢᠰᠢ ᠰᠠᠷᠢᠭᠠᠯᠠᠬᠤ ᠦᠭᠡᠢ︾ ᠪᠠᠶᠢᠷᠢ ᠲᠣᠭᠲᠠᠭᠠᠯᠲᠠ ᠶᠢ ᠭᠤᠶᠢᠪᠢᠰᠢ ᠦᠭᠡᠢ | ᠪᠠᠷᠢᠮᠲᠠᠯᠠᠵᠤ᠂ ᠭᠠᠵᠠᠷ ᠤᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠭᠡᠷ ᠭᠠᠵᠠᠷ ᠬᠥᠷᠥᠩᠭᠡ ᠶᠢᠨ ᠬᠥᠭᠵᠢᠯᠲᠡ ᠶᠢᠨ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠣᠷᠣᠨ ᠤ ᠲᠥᠪ ᠤᠨ ᠭᠡᠷ ᠭᠠᠵᠠᠷ ᠬᠥᠷᠥᠩᠭᠡ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ ᠡᠯ᠎ᠡ ᠭᠡᠷ ᠭᠠᠵᠠᠷ ᠬᠥᠷᠥᠩᠭᠡ ᠶᠢᠨ | ᠠᠵᠤ ᠠᠬᠤᠶᠢᠯᠠᠯ ᠨᠢ ᠠᠷᠭ᠎ᠠ ᠪᠦᠬᠦᠨ ᠢ ᠰᠦᠪᠡᠭᠴᠢᠯᠡᠨ ︽ᠲᠤᠰᠢᠶᠠᠬᠤ ᠠᠰᠠᠷ ᠢ ᠪᠠᠲᠤᠯᠠᠵᠤ︾ ᠂ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠨ᠂ ᠶᠠᠰᠤ ᠴᠢᠨᠠᠷ ᠪᠠ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ | ᠴᠢᠨᠠᠷ ᠰᠠᠶᠢᠲᠠᠢ ᠪᠦᠭᠡᠳ ᠲᠤᠭᠲᠠᠭᠰᠠᠨ ᠴᠠᠭ ᠲᠠᠭᠠᠨ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠷᠭ᠎ᠠ | ᠪᠦᠬᠦᠨ ᠢ ᠰᠦᠪᠡᠭᠴᠢᠯᠡᠨ ︽ᠠᠶᠤᠯ ᠲᠦᠭᠰᠢᠭᠦᠷᠢ ᠶᠢ ᠰᠡᠷᠭᠡᠶᠢᠯᠡᠵᠦ︾᠂ ︽ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ︾ ᠶᠢ ᠪᠠᠷᠢᠮᠲᠠᠯᠠᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠬᠠᠭᠠᠰ ᠳᠤᠲᠠᠭᠤ︾ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠭᠡᠷ ᠭᠠᠵᠠᠷ ᠬᠥᠷᠥᠩᠭᠡ ᠶᠢᠨ ᠠᠷᠠᠯᠵᠢᠶᠠᠨ ᠤ ᠵᠠᠬ᠎ᠠ | ᠳᠡᠯᠭᠡᠭᠦᠷ ᠢ ᠵᠢᠷᠤᠮᠵᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ | ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠳ ᠭᠡᠷ ᠭᠠᠵᠠᠷ ᠬᠥᠷᠥᠩᠭᠡ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠤᠯᠤᠰ᠂ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠯ᠎ᠡ ᠵᠦᠢᠯ ᠤᠨ ᠭᠡᠷ ᠭᠠᠵᠠᠷ ᠬᠥᠷᠥᠩᠭᠡ ᠶᠢᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠪᠡᠯᠡᠳᠬᠡᠮᠵᠢ ᠶᠢᠨ ᠲᠥᠬᠦᠷᠵᠢᠭᠦᠯᠦᠯᠲᠡ ᠶᠢ ᠴᠢᠩᠭᠠᠳᠬᠠᠨ᠂ | ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢ ᠴᠢᠩᠭᠠᠳᠬᠠᠵᠤ᠂ ᠭᠡᠷ ᠭᠠᠵᠠᠷ ᠬᠥᠷᠥᠩᠭᠡ ᠶᠢᠨ ᠦᠢᠯᠡᠰ ᠤᠨ | ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠡᠢ᠃ | | ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ ᠵᠢᠴᠢ ᠬᠤᠯᠪᠣᠭᠳᠠᠯ ᠪᠦᠬᠦᠢ ᠭᠠᠵᠠᠷ | ᠣᠷᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |