ᠨᠠᠮ ᠤᠨ ᠲᠥᠪ ᠬᠤᠷᠢᠶᠠᠨ ᠤ ᠤᠯᠣᠰ ᠲᠦᠷᠦ ᠶᠢᠨ ᠲᠣᠪᠴᠢᠶᠠᠨ ᠤ ᠬᠤᠷᠠᠯ ᠠᠴᠠ ᠳᠤᠮᠳᠠᠳᠤ ᠣᠯᠣᠰ ᠤᠨ ᠡᠪ ᠬᠠᠮᠳᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 10 ᠰᠠᠷ᠎ᠠ ᠶᠢᠨ16 ᠤ ᠡᠳᠦᠷ ᠪᠡᠭᠡᠵᠢᠩ ᠳᠤ ᠬᠤᠷᠠᠯᠳᠤᠭᠤᠯᠬᠤ ᠰᠠᠨᠠᠭᠤᠯᠭ᠎ᠠ ᠳᠤᠷᠠᠳᠤᠨ᠎ᠠ ᠭᠡᠵᠦ ᠳᠤᠭᠳᠠᠪᠠ  ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/9/1
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠢ 2022 ᠣᠨ ᠤ 10 ᠰᠠᠷ᠎ᠠ ᠶᠢᠨ 9 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ 10 ᠰᠠᠷ᠎ᠠ ᠶᠢᠨ 16 ᠤ ᠡᠳᠦᠷ ᠪᠡᠭᠡᠵᠢᠩ ᠳᠤ ᠬᠤᠷᠠᠯᠳᠤᠭᠤᠯᠬᠤ ᠰᠠᠨᠠᠭᠤᠯᠭ᠎ᠠ ᠳᠤᠷᠠᠳᠬᠤ ᠪᠠᠷ ᠲᠤᠭᠳᠠᠵᠠᠢ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠬᠤ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠩᠭᠡᠷᠡᠭᠰᠡᠨ 5 ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠵᠤ᠂ ᠰᠢᠨ᠎ᠡ ᠴᠠᠭ ᠦᠶ᠎ᠡ ᠳᠤ ᠤᠷᠤᠭᠰᠠᠨ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠦᠭᠡᠳ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠤ᠂ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠪᠣᠳᠣᠯᠭ᠎ᠠ ᠴᠢᠭᠯᠡᠯᠲᠡ ᠶᠢ ᠲᠣᠭᠲᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ ᠡᠷᠡᠯᠬᠡᠭ ᠢᠶᠠᠷ ᠤᠷᠤᠭᠰᠢᠯᠠᠵᠤ᠂ ᠦᠷᠭᠦᠯᠵᠢᠯᠡᠨ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠦᠷᠭᠦᠯᠵᠢᠯᠡᠨ ᠬᠦᠴᠦᠲᠡᠢ ᠠᠬᠢᠭᠤᠯᠵᠤ ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠠ ᠭᠡᠵᠦ ᠴᠢᠬᠤᠯᠠᠴᠢᠯᠠᠪᠠ᠃      ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠨ᠎ᠠ᠃      ᠬᠤᠷᠠᠯ ᠠᠴᠠ᠂ ᠣᠳᠣᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠂ ᠶᠡᠭᠡ ᠬᠤᠷᠠᠯ ᠤᠨ ᠪᠡᠯᠡᠳᠭᠡᠯ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号