︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠬᠠᠨ ᠮᠢᠨ︶ ᠣᠶᠢᠷ᠎ᠠ ᠳᠤ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠠᠴᠠ ᠦᠴᠦᠸᠠᠨ ᠰᠢᠶᠠᠨ ᠳᠤ 2022 ᠣᠨ ᠤ ᠲᠠᠷᠢᠶᠠᠯᠠᠩ ᠤᠨ ᠠᠵᠤ | ᠦᠢᠯᠡᠰ ᠤᠨ ᠬᠦᠴᠦᠷᠬᠡᠭ ᠪᠠᠯᠭᠠᠰᠤ ᠶᠢᠨ ᠠᠩᠬᠠᠨ ᠤ ᠪᠦᠯᠦᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ 300 | ᠲᠦᠮᠡᠨ ᠲᠥᠭᠦᠷᠢᠭ ᠢ ᠪᠠᠭᠤᠯᠭᠠᠪᠠ᠃ | ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ 2022 ᠣᠨ ᠤ ᠤᠯᠤᠰ ᠤᠨ | ᠲᠠᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠨᠡᠷᠡᠰ ᠲᠤ | ᠣᠷᠤᠪᠠ᠂ ᠡᠨᠡ ᠪᠣᠯ ᠮᠠᠨ ᠤ ᠬᠤᠲᠠ ᠶᠢᠨ ᠴᠣᠷ ᠤᠨ ᠭᠠᠭᠴᠠ ᠡᠨᠡ ᠬᠦ ᠢᠷᠠᠭᠤ ᠠᠯᠳᠠᠷ ᠢ ᠭᠥᠷᠳᠡᠭᠰᠡᠨ ᠰᠢᠶᠠᠩ | ᠪᠠᠯᠭᠠᠰᠤ ᠪᠣᠯᠣᠨ᠎ᠠ᠃ ᠡᠭᠦᠳᠦᠨ ᠪᠠᠶᠢᠭᠤᠯᠬᠤ ᠨᠡᠷᠡᠰ ᠲᠤ ᠣᠷᠤᠭᠰᠠᠨ ᠰᠢᠶᠠᠩ ᠪᠠᠯᠭᠠᠰᠤᠨ ᠳᠤ ᠲᠥᠪ ᠤᠨ ᠡᠳ᠋ ᠤᠨ | ᠵᠠᠰᠠᠭ ᠠᠴᠠ 1000 ᠲᠦᠮᠡᠨ ᠲᠥᠭᠦᠷᠢᠭ ᠤᠨ ᠶᠡᠷᠦᠩᠬᠡᠢ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢᠨ ᠳᠡᠮᠵᠢᠯᠭᠡ | ᠦᠵᠡᠭᠦᠯᠦᠨ᠎ᠡ᠂ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠦᠶ᠎ᠡ ᠳᠤ 300 ᠲᠦᠮᠡᠨ ᠲᠥᠭᠦᠷᠢᠭ ᠤᠨ ᠨᠥᠬᠦᠪᠦᠷᠢ | ᠥᠭᠴᠦ᠂ ᠨᠤᠲᠠᠯᠠᠨ ᠲᠤᠭᠲᠠᠭᠠᠬᠤ ᠶᠢ ᠥᠩᠭᠡᠷᠡᠪᠡᠯ ᠲᠠᠬᠢᠭᠠᠳ 700 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠶᠢᠨ ᠮᠦᠩᠭᠦ ᠣᠯᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠵᠢᠬᠦᠯᠬᠦ ᠰᠢᠶᠠᠩ ᠪᠠᠯᠭᠠᠰᠤᠨ ᠤ | ᠢᠳᠡᠪᠬᠢᠵᠢᠯ ᠢ ᠲᠠᠰᠤᠷᠠᠯᠲᠠ ᠦᠭᠡᠢ ᠳᠠᠶᠢᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠱᠠᠩᠨᠠᠯ ᠨᠦᠬᠦᠪᠦᠷᠢ ᠶᠢᠨ ᠪᠡᠯᠡ ᠮᠥᠩᠭᠦ ᠪᠠᠷ ᠭᠤᠣᠯᠳᠠᠭᠤ ᠣᠷᠣᠨ ᠨᠤᠲᠤᠭ ᠤᠨ | ᠭᠤᠣᠯᠯᠠᠬᠤ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠪᠠᠭᠤᠷᠠᠢ ᠭᠤᠭᠴᠤᠭ᠎ᠠ ᠶᠢᠨ ᠬᠥᠭᠵᠢᠯᠲᠡ ᠶᠢ | ᠳᠡᠮᠵᠢᠵᠦ᠂ ᠳᠠᠷᠢᠵᠤ ᠲᠡᠵᠢᠭᠡᠬᠦ ᠰᠠᠭᠤᠷᠢᠨ ᠭᠠᠵᠠᠷ᠂ ᠡᠳ᠋ᠰᠢᠭᠦᠯᠵᠦ ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡᠨ ᠵᠡᠷᠭᠡ | ᠪᠡᠯᠡᠳᠬᠡᠮᠵᠢ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠭᠤᠣᠯ ᠪᠣᠯᠬᠤ ᠠᠵᠤ | ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠭᠤᠣᠯᠯᠠᠬᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠣᠮᠣ ᠪᠠᠶᠢᠭᠰᠠᠨ ᠢ ᠬᠦᠴᠦᠷᠬᠡᠭ ᠪᠣᠯᠭᠠᠨ᠎ᠠ᠃ |