︽ᠶᠤᠸᠠᠨ ᠸᠧᠢ ᠦᠴᠤᠸᠠᠨ︾ ᠡᠯᠧᠺᠲᠷᠣᠨ ᠬᠤᠳᠠᠯᠳᠤᠭ᠎ᠠ ᠪᠠᠷ ᠬᠥᠳᠡᠭᠡ ᠠᠵᠤ ᠠᠬᠤᠢ ᠶᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠪᠣᠷᠣᠯᠠᠭᠤᠯᠭ᠎ᠠ ᠶᠢᠨ ᠶᠡᠭᠡ ᠬᠤᠷᠠᠯ ᠬᠦᠷ ᠬᠥᠭᠵᠢᠶᠡᠨ ᠲᠠᠢ ᠡᠬᠢᠯᠡᠪᠡ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 6 ᠤ ᠡᠳᠦᠷ᠂ ︽ ᠶᠤᠸᠠᠨ ᠸᠧᠢ ᠦᠴᠤᠸᠠᠨ︾ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠪᠣᠷᠣᠯᠠᠭᠤᠯᠭ᠎ᠠ ᠶᠢᠨ ᠶᠡᠭᠡ ᠬᠤᠷᠠᠯ ᠦᠴᠤᠸᠠᠨ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠳᠤ ᠵᠢᠩᠬᠢᠨᠢ ᠪᠠᠷ ᠡᠬᠢᠯᠡᠪᠡ᠃      ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠪᠣᠷᠣᠯᠠᠭᠤᠯᠭ᠎ᠠ ᠶᠢᠨ ᠶᠡᠭᠡ ᠬᠤᠷᠠᠯ ᠢ ᠦᠴᠤᠸᠠᠨ ᠰᠢᠶᠠᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠴᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠴᠤᠸᠠᠨ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠮᠧᠩ ᠲᠧ ᠭᠤᠶᠢᠳᠠ ᠰᠠᠶᠢᠬᠠᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠨ ᠡᠷᠭᠢᠯᠡᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠼᠦᠢ ᠵᠧᠨ ᠬᠤᠸᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠸᠧ ᠶᠦᠩ ᠠᠵᠢᠯᠯᠠᠭ᠎ᠠ ᠳᠤ ᠣᠷᠣᠯᠴᠠᠪᠠ᠃      ᠰᠢᠭᠤᠳ ᠨᠡᠪᠲᠡᠷᠡᠭᠦᠯᠬᠦ ᠶᠠᠪᠤᠴᠠ ᠳᠤ᠂ ᠡᠯ᠎ᠡ ᠤᠳᠤᠷᠢᠳᠤᠯᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠳ ᠠᠴᠠ ᠦᠴᠤᠸᠠᠨ ᠰᠢᠶᠠᠨ ᠤ ᠡᠯ᠎ᠡ ᠲᠦᠷᠦᠯ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠥᠪᠡᠷᠮᠢᠴᠡ ᠳᠠᠪᠠᠭᠤᠯᠢᠭ᠂ ᠰᠢᠮ᠎ᠡ ᠲᠡᠵᠢᠭᠡᠯ ᠤᠨ ᠦᠷᠳᠡᠭ ᠵᠢᠴᠢ ᠠᠮᠲᠠ ᠰᠢᠮᠳᠡ ᠵᠡᠷᠭᠡ ᠶᠢ ᠨᠠᠷᠢᠨ ᠲᠠᠨᠢᠯᠴᠠᠭᠤᠯᠤᠭᠰᠠᠨ ᠤ ᠬᠠᠮᠲᠤ ᠲᠤᠬᠠᠢ ᠶᠢᠨ ᠲᠠᠯᠠᠪᠠᠢ ᠳᠤ ᠦᠴᠤᠸᠠᠨ ᠤ ᠲᠠᠷᠢᠶᠠᠯᠠᠩ ᠤᠨ ᠣᠨᠴᠠ ᠭᠠᠷᠤᠯᠲᠠ ᠪᠠᠷ ᠬᠢᠭᠰᠡᠨ ᠡᠯ᠎ᠡ ᠵᠦᠢᠯ ᠤᠨ ᠠᠮᠲᠠᠲᠤ ᠢᠳᠡᠭᠡᠨ ᠢ ᠠᠮᠲᠠᠯᠠᠵᠤ᠂ ᠮᠠᠰᠢ ᠤᠯᠠᠨ ᠰᠦᠯᠵᠢᠶᠡᠨ ᠤ ᠨᠠᠶᠢᠵᠠ ᠨᠠᠷ ᠤᠨ ᠰᠣᠨᠢᠷᠬᠠᠯ ᠢ ᠲᠠᠲᠠᠪᠠ᠃      ᠲᠣᠰ ᠤᠳᠠᠭᠠᠨ ᠤ ᠲᠠᠷᠢᠶᠠᠯᠠᠩ ᠢ ᠲᠤᠰᠠᠯᠠᠬᠤ ᠠᠵᠢᠯᠯᠠᠭ᠎ᠠ ᠶᠢ ᠰᠢᠭᠤᠳ ᠨᠡᠪᠲᠡᠷᠡᠭᠦᠯᠦᠭᠰᠡᠨ ᠵᠣᠷᠢᠯᠭ᠎ᠠ ᠨᠢ ᠦᠴᠤᠸᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠲᠠᠶᠢᠴᠢᠯᠠᠨ ᠪᠣᠷᠣᠯᠠᠭᠤᠯᠬᠤ ᠶᠢᠨ ᠲᠥᠯᠥᠭᠡ ᠶᠤᠮ᠂ ᠡᠨᠡ ᠨᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠳᠠᠷᠠᠭᠠᠴᠢ ᠶᠢᠨ ᠠᠯᠬᠤᠮ ᠳᠤ᠂ ᠦᠴᠤᠸᠠᠨ ᠰᠢᠶᠠᠨ ᠤ ᠬᠢᠨ ᠡᠯᠧᠺᠲᠷᠤᠨ ᠬᠤᠳᠠᠯᠳᠤᠭ᠎ᠠ ᠪᠠᠷ ᠬᠥᠳᠡᠭᠡ ᠠᠵᠤ ᠠᠬᠤᠢ ᠶᠢ ᠲᠤᠰᠠᠯᠠᠬᠤ ᠦᠢᠯᠡᠰ ᠢ ᠨᠡᠩ ᠢᠳᠡᠪᠬᠢᠲᠡᠢ ᠲᠡᠳᠬᠦᠵᠦ᠂ ᠦᠴᠤᠸᠠᠨ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠦᠷᠭᠦᠯᠵᠢᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠦᠴᠤᠸᠠᠨ ᠰᠢᠶᠠᠨ ᠤ ᠨᠡᠩ ᠤᠯᠠᠨ ᠲᠠᠷᠢᠶᠠᠯᠠᠩ ᠤᠨ ᠣᠨᠴᠠ ᠭᠠᠷᠤᠯᠲᠠ ᠶᠢ ᠢᠨᠲ᠋ᠧᠷ ᠰᠦᠯᠵᠢᠶᠡᠨ ᠤ ᠲᠦᠷᠭᠡᠨ ᠲᠡᠷᠭᠡᠨ ᠳᠤ ᠰᠠᠭᠤᠯᠭᠠᠵᠤ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠲᠤᠰ ᠭᠠᠵᠠᠷ ᠣᠷᠣᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢ ᠪᠦᠲᠦᠮᠵᠢᠲᠡᠢ ᠳᠠᠶᠢᠴᠢᠯᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠠᠪᠰᠤᠷᠴᠤ᠂ ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号