ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠦᠴᠤᠸᠠᠨ ᠰᠢᠶᠠᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠵᠧᠨ ᠷᠦᠩ ᠨᠠᠷ ᠮᠠᠨ ᠤ ᠰᠢᠶᠠᠨ ᠳᠤ ᠢᠷᠡᠵᠦ ᠠᠵᠢᠯ ᠪᠠᠶᠢᠴᠠᠭᠠᠪᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠶ ᠹᠸᠢ ᠵᠢᠴᠢ ᠮᠠᠨ ᠤ ᠰᠢᠶᠠᠨ ᠤ ᠤᠳᠤᠷᠢᠳᠤᠯᠭ᠎ᠠ ᠬᠠᠳᠠ᠂ ᠰᠢᠩ ᠵᠢᠶᠦ᠋ᠨ ᠵᠢᠶᠧ ᠪᠠᠷ᠎ᠠ ᠪᠣᠯᠵᠣ ᠠᠵᠢᠯ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠡᠳᠬᠢᠴᠡ ᠶᠢᠨ ᠯᠠᠪᠯᠠᠯᠲᠠ ᠶᠢᠨ ᠲᠠᠰᠤᠭ᠂ ᠳ᠋ᠧ ᠱᠧᠩ ᠭᠸᠤ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠠᠷᠢᠮᠠᠯ ᠤᠨ ᠲᠣᠭᠤᠷᠢᠭ᠂ ᠥᠪᠥᠷ ᠮᠣᠩᠭᠤᠯ ᠤᠨ ᠲᠦᠩ ᠶᠦᠩ ᠬᠢᠲᠠᠳ ᠡᠮ ᠤᠨ ᠬᠢᠵᠠᠭᠠᠷᠲᠤ ᠺᠣᠮᠫᠠᠨᠢ᠂ ᠦᠴᠤᠸᠠᠨ ᠰᠢᠶᠠᠨ ᠤ ᠵᠢᠩᠬᠢᠨᠢ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ᠂ ᠲᠦᠩ ᠶᠦᠩ ᠮᠡᠷᠭᠡᠵᠢᠯ ᠤᠨ ᠳᠠᠯᠠᠨ ᠬᠠᠷ᠎ᠠ ᠠᠭᠤᠯᠠ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ᠂ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ︾ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠦᠩ ᠶᠦᠩ ᠮᠡᠷᠭᠡᠵᠢᠯ ᠤᠨ ᠨᠡᠶᠢᠲᠡ ᠶᠢᠨ ᠠᠰᠠᠷᠠᠮᠵᠢ ᠶᠢᠨ ᠤᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡᠴᠢᠯᠡᠨ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ ᠳᠤ ᠬᠠᠮᠲᠤ ᠪᠠᠷ ᠬᠤᠪᠢᠰᠬᠠᠯ ᠤᠨ ᠳᠤᠷᠠᠰᠤᠮᠵᠢ ᠶᠢ ᠡᠷᠢᠯᠬᠢᠯᠡᠵᠦ᠂ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠪᠠ᠃      ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠲᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠢᠲᠠᠳ ᠡᠮ ᠤᠨ ᠮᠠᠲ᠋ᠧᠷᠢᠶᠠᠯ ᠤᠨ ᠤᠷᠭᠤᠴᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ᠂ ᠡᠮ ᠤᠨ ᠮᠠᠲ᠋ᠧᠷᠢᠶᠠᠯ ᠳᠠᠷᠢᠬᠤ᠂ ᠡᠳ᠋ᠰᠢᠭᠦᠯᠬᠦ ᠵᠡᠷᠭᠡ ᠠᠰᠠᠭᠤᠳᠠᠯ ᠤᠨ ᠲᠠᠯ᠎ᠠ ᠪᠠᠷ ᠳᠠᠭᠠᠵᠤ ᠶᠠᠪᠤᠭᠰᠠᠳ ᠲᠠᠢ ᠰᠠᠨᠠᠯ ᠢᠶᠠᠨ ᠰᠣᠯᠢᠯᠴᠠᠪᠠ᠃ ᠣᠶᠢᠯᠠᠭᠠᠭᠰᠠᠨ ᠢᠶᠠᠷ᠂ ᠲᠦᠩ ᠶᠦᠩ ᠮᠡᠷᠭᠡᠵᠢᠯ ᠤᠨ ᠪᠦᠯᠦᠭᠯᠡᠯ ᠮᠠᠨ ᠤ ᠰᠢᠶᠠᠨ ᠢ ᠴᠡᠭ ᠲᠣᠭᠲᠠᠭᠠᠨ ᠲᠡᠳᠬᠦᠭᠰᠡᠨ ᠠᠴᠠ ᠨᠠᠰᠢ᠂ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ︽ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠬᠥᠭᠵᠢᠭᠦᠯᠬᠦ︾ ᠤᠢᠢᠯᠠᠭᠠᠭᠳᠠᠬᠤᠨ ᠢ ᠪᠠᠷᠢᠮᠲᠠᠯᠠᠵᠤ᠂ ᠤᠨᠴᠠᠯᠢᠬᠳᠤ ᠠᠵᠤ ᠦᠢᠯᠡᠰ ᠢ ᠰᠣᠩᠭᠤᠬᠤ ᠶᠢ ᠲᠤᠪᠤᠶᠢᠯᠭᠠᠵᠦ᠂ ᠪᠣᠳᠠᠲᠠᠢ ᠳᠤ ᠰᠠᠭᠤᠷᠢᠯᠠᠨ ᠠᠵᠤ ᠦᠢᠯᠡᠰ ᠢ ᠬᠦᠴᠦᠷᠬᠡᠭᠵᠢᠭᠦᠯᠵᠦ᠂ ᠢᠷᠡᠭᠡᠳᠦᠢ ᠳᠤ ᠬᠠᠨᠳᠤᠭᠤᠯᠤᠨ ᠠᠵᠤ ᠦᠢᠯᠡᠰ ᠢ ᠰᠦᠪᠡᠭᠴᠢᠯᠡᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠮᠠᠨ ᠤ ᠰᠢᠶᠠᠨ ᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠲᠠᠶᠢᠴᠢᠯᠠᠵᠦ᠂ ︽ᠵᠢᠩᠬᠢᠨᠢ ᠤᠮᠠᠷᠠᠲᠤ ᠶᠢᠨ ᠬᠤᠨᠴᠢᠷ ᠨᠤᠲᠤᠭ︾ ᠢ ᠰᠡᠷᠭᠦᠭᠡᠨ ᠮᠠᠨᠳᠤᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠡᠢ᠃      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠠᠩ ᠵᠧᠨ ᠷᠦᠩ ᠲᠣᠮᠢᠯᠠᠨ ᠰᠠᠭᠤᠯᠭᠠᠭᠰᠠᠨ ᠺᠠᠳ᠋ᠷᠴᠤᠳ ᠲᠤ ᠦᠴᠤᠸᠠᠨ ᠢ ᠦᠷᠭᠦᠯᠵᠢᠯᠡᠨ ᠬᠠᠯᠠᠮᠵᠢᠯᠠᠵᠤ᠂ ᠥᠪᠡᠷ ᠤᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠮᠠᠨ ᠤ ᠰᠢᠶᠠᠨ ᠤ ᠡᠯ᠎ᠡ ᠱᠠᠲᠤᠨ ᠤ ᠺᠠᠳ᠋ᠷᠴᠤᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠲᠠᠯ᠎ᠠ ᠪᠠᠷ ᠠᠵᠤ ᠦᠢᠯᠡᠰ ᠢᠶᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠮᠡᠷᠭᠡᠵᠢᠯ ᠢᠶᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号