ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠵᠠᠩ ᠱᠤᠤ ᠴᠦᠨ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/9/15
     9 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠦ ᠣᠷᠣᠨ ᠳᠤ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ ᠪᠣᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠸ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠡᠯ᠎ᠡ ᠠᠶᠢᠮᠠᠭ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠲᠦᠷᠭᠡᠨ᠂ ᠣᠨᠣᠪᠴᠢᠲᠠᠶ᠂ ᠴᠢᠩᠭ᠎ᠠ᠂ ᠪᠣᠳᠠᠲᠠᠢ︾ ᠱᠠᠭᠠᠷᠳᠠᠯᠭ᠎ᠠ ᠶᠣᠰᠣᠭᠠᠷ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠬᠤᠶᠠᠷ ᠰᠠᠷ᠎ᠠ ᠣᠷᠴᠢᠮ ᠤᠨ ᠴᠠᠭ ᠢ ᠬᠡᠷᠡᠭᠯᠡᠵᠦ ᠪᠠᠶᠢᠭᠠᠳ ︽ᠡᠷᠭᠢᠵᠦ ᠬᠠᠷᠠᠬᠤ︾ ᠠᠵᠢᠯ ᠬᠢᠵᠦ᠂ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠦᠯᠡᠳᠡᠭᠡᠯ ᠲᠦᠭᠰᠢᠭᠦᠷᠢ ᠶᠢ ᠦᠨᠡᠨ ᠬᠦ ᠬᠠᠮᠢᠶᠠᠷᠴᠤ᠂ ᠨᠡᠮᠡᠭᠳᠡᠯ ᠲᠦᠭᠰᠢᠭᠦᠷᠢ ᠶᠢ ᠴᠢᠩᠭ᠎ᠠ ᠡᠵᠡᠮᠳᠡᠵᠦ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠦᠬᠦ ᠣᠷᠣᠨ ᠤ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号