| | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ | ᠪᠠᠳᠠᠷᠠᠭᠤᠯᠵᠤ ᠪᠦᠲᠦᠮᠵᠢᠲᠡᠶ ᠬᠡᠷᠡᠭᠴᠡᠭᠡ ᠶᠢ ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠦᠷᠢᠮ ᠤᠨ | ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ | ᠤ᠊ᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃ | | | | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 31 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 31 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠢ ᠬᠡᠷᠡᠭᠴᠡᠭᠡ ᠶᠢ | ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ︔ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ | ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ | ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ ᠴᠢᠭᠯᠡᠭᠦᠯᠦᠨ᠂ ᠲᠦᠷᠦᠭᠦᠴᠢ ᠶᠢᠨ ᠬᠤᠭᠤᠴᠠᠭᠠᠨ ᠳᠤ | ᠬᠤᠶᠠᠷ ᠵᠢᠯ ᠰᠢᠬᠠᠮ ᠨᠥᠭᠡᠴᠡᠯᠡᠭᠰᠡᠨ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠵᠦ ᠪᠠᠶᠢᠭᠠᠳ ᠠᠵᠤ ᠠᠬᠤᠢ ᠶᠢ | ᠲᠣᠭᠲᠠᠪᠤᠷᠢᠵᠢᠭᠤᠯᠬᠤ ᠬᠠᠮ ᠲᠦᠷᠦ ᠶᠢᠨ ᠪᠣᠳᠣᠯᠭ᠎ᠠ ᠪᠠ ᠦᠷᠭᠦᠯᠵᠢᠯᠡᠬᠦ᠋ᠢᠴᠡ ᠲᠦᠷᠦ ᠶᠢᠨ ᠪᠣᠳᠣᠯᠭ᠎ᠠ ᠶᠢ ᠴᠠᠭ | ᠲᠤᠬᠠᠢ ᠳᠤ ᠨᠢ ᠡᠷᠡᠰ ᠰᠢᠭᠤᠷᠬᠠᠢ ᠪᠠᠷ ᠬᠡᠷᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠷᠢᠮ | ᠲᠠᠯ᠎ᠠ ᠶᠢᠨ ᠬᠦᠴᠢᠷᠳᠡᠯ ᠨᠢ 2020 ᠣᠨ ᠤ ᠬᠢ ᠠᠴᠠ ᠢᠯᠡᠭᠦᠦ ᠪᠠᠶᠢᠵᠤ᠂ ᠡᠨᠡ ᠵᠢᠯ ᠤᠨ ᠭᠠᠶᠢᠯᠢ ᠶᠢ ᠪᠤᠴᠠᠭᠠᠬᠤ | ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠵᠡᠷᠭᠡ ᠲᠠᠯ᠎ᠠ ᠪᠠᠷ 2020 ᠣᠨ ᠢ ᠳᠠᠪᠠᠭᠰᠠᠨ ᠪᠥᠭᠡᠳ ᠪᠡᠯᠡ | ᠣᠷᠣᠭᠤᠯᠤᠯᠲᠠ ᠶᠢ ᠲᠣᠭᠲᠠᠪᠤᠷᠢᠵᠢᠭᠤᠯᠵᠤ ᠬᠡᠷᠡᠭᠯᠡᠭᠡ ᠶᠢ ᠠᠬᠢᠭᠤᠯᠬᠤ ᠡᠷᠴᠢᠮ ᠲᠠᠢ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ | ᠶᠡᠷᠦᠩᠬᠡᠢ ᠲᠦᠷᠦ ᠶᠢᠨ ᠪᠣᠳᠣᠯᠭ᠎ᠠ ᠶᠢᠨ ᠬᠡᠪᠴᠢᠶ᠎ᠡ ᠨᠢ ᠵᠦᠢ ᠵᠣᠬᠢᠰᠲᠠᠢ ᠪᠥᠭᠡᠳ ᠲᠣᠬᠢᠷᠠᠮᠵᠢᠲᠠᠢ ᠪᠣᠯᠵᠠᠢ᠃ | ᠣᠳᠣᠬᠠᠨ ᠳᠤ ᠠᠵᠤ ᠠᠬᠤᠢ ᠶᠢᠨ ᠰᠡᠷᠭᠦᠯᠲᠡ ᠶᠢᠨ ᠴᠢᠬᠤᠯᠠ ᠵᠠᠩᠭᠢᠯᠠᠭ᠎ᠠ ᠶᠢᠨ ᠦᠶ᠎ᠡ ᠳᠤ ᠣᠷᠣᠰᠢᠵᠤ ᠪᠠᠶᠢᠭ᠎ᠠ ᠪᠣᠯᠬᠤᠷ | ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠲᠦᠷᠭᠡᠪᠴᠢᠯᠡᠨ ᠪᠠᠳᠠᠷᠠᠭᠤᠯᠬᠤ ᠨᠢ ᠶᠠᠭᠤᠨ ᠠᠴᠠ ᠴᠦ ᠴᠢᠬᠤᠯᠠ ᠶᠤᠮ᠃ | ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠤᠣᠯ ᠪᠣᠯᠬᠤ ᠠᠵᠤ ᠠᠬᠤᠢ ᠶᠢᠨ ᠮᠤᠵᠢ ᠳᠤ ᠠᠵᠢᠯᠯᠠᠬᠤ | ᠳᠤᠭᠤᠶᠢᠯᠠᠩ ᠲᠣᠮᠢᠯᠠᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ | ᠦᠢᠯᠡᠴᠢᠯᠡᠭᠡ ᠶᠢᠨ ᠲᠣᠭᠤᠷᠢᠨ ᠳᠤ᠂ ᠨᠢᠭᠡ ᠪᠦᠯᠦᠭ ᠬᠦᠴᠢᠷᠲᠡᠢ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ | ᠰᠢᠢᠳᠪᠦᠷᠢᠯᠡᠭᠰᠡᠨ ᠪᠠᠶᠢᠨ᠎ᠠ᠃ ᠦᠷᠭᠦᠯᠵᠢᠯᠡᠨ ᠴᠠᠭ ᠮᠥᠴᠡ ᠶᠢ ᠠᠮᠵᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠪᠠᠷ ᠠᠵᠤ ᠠᠬᠤᠢ ᠶᠢ ᠲᠣᠭᠲᠠᠪᠤᠷᠢᠵᠢᠭᠤᠯᠬᠤ ᠬᠠᠮ | ᠲᠦᠷᠤ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠪᠠᠳᠠᠷᠠᠭᠤᠯᠬᠤ ᠶᠢ ᠲᠠᠬᠢᠨ ᠠᠬᠢᠭᠤᠯᠵᠤ᠂ ᠦᠷᠭᠦᠯᠵᠢᠯᠡᠬᠦ᠋ᠢᠴᠡ | ᠲᠦᠷᠤ ᠶᠢᠨ ᠪᠣᠳᠣᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ 9 ᠳ᠋ᠦ᠋ᠭᠡᠷ ᠰᠠᠷ᠎ᠠ ᠶᠢᠨ ᠳᠡᠭᠡᠷ᠎ᠡ ᠬᠠᠭᠠᠰ ᠰᠠᠷ᠎ᠠ ᠳᠤ | ᠬᠡᠷᠡᠭᠵᠢᠭᠦᠯᠬᠦ ᠨᠠᠷᠢᠨ ᠳᠦᠷᠢᠮ ᠢ ᠪᠦᠬᠦᠨ ᠢ ᠬᠡᠷᠡᠭᠵᠢᠭᠦᠯᠵᠦ᠂ ᠪᠦᠲᠦᠮᠵᠢᠲᠡᠢ ᠬᠡᠷᠡᠭᠯᠡᠭᠡ ᠶᠢ ᠬᠦᠴᠦᠯᠡᠨ ᠥᠷᠭᠡᠳᠬᠡᠵᠦ᠂ | ᠪᠡᠯᠡ ᠣᠷᠣᠭᠤᠯᠤᠯᠲᠠ ᠪᠠᠷ ᠬᠡᠷᠡᠭᠯᠡᠭᠡ ᠶᠢ ᠳᠠᠶᠢᠴᠢᠯᠠᠵᠤ᠂ ᠠᠵᠢᠯ ᠣᠯᠭᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠠᠵᠤ | ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠳᠬᠠᠬᠤ | ᠬᠡᠷᠡᠭᠲᠡᠢ᠃ ᠨᠢᠭᠡ ᠳᠤ᠂ ᠰᠢᠨ᠎ᠡ ᠪᠠᠷ ᠨᠡᠮᠡᠭᠳᠡᠭᠰᠡᠨ 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦ ᠶᠢᠨ | ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠭᠰᠡᠨ | ᠰᠠᠭᠤᠷᠢᠨ ᠳᠡᠭᠡᠷ᠎ᠡ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠬᠡᠪᠴᠢᠶ᠎ᠡ ᠪᠠᠨ ᠥᠷᠭᠡᠳᠬᠡᠵᠦ᠂ ᠨᠥᠬᠦᠴᠡᠯ ᠳᠤ ᠨᠡᠶᠢᠴᠡᠭᠰᠡᠨ | ᠪᠣᠯᠪᠠᠰᠤᠷᠠᠩᠭᠤᠢ ᠲᠥᠷᠥᠯ ᠵᠦᠢᠯ ᠤᠨ ᠪᠡᠯᠡ ᠮᠥᠩᠭᠦᠨ ᠤ ᠬᠡᠷᠡᠭᠴᠡᠭᠡ ᠶᠢ ᠬᠠᠩᠭᠠᠵᠤ᠂ ᠲᠥᠷᠥᠯ ᠵᠦᠢᠯ ᠨᠢ ᠪᠡᠯᠡ | ᠮᠥᠩᠭᠦ ᠪᠠᠨ ᠬᠦᠯᠢᠶᠡᠬᠦ ᠪᠠᠶᠢᠳᠠᠯ ᠭᠠᠷᠬᠤ ᠠᠴᠠ ᠵᠠᠶᠢᠯᠠᠰᠬᠢᠨ᠎ᠡ︔ ᠳᠡᠭᠡᠷ᠎ᠡ ᠬᠠᠭᠠᠰ ᠵᠢᠯ ᠳᠤ ᠠᠵᠢᠯ ᠢᠶᠠᠨ ᠡᠬᠢᠯᠡᠭᠦᠯᠦᠭᠰᠡᠨ | ᠲᠥᠷᠥᠯ ᠵᠦᠢᠯ ᠢ ᠰᠢᠨ᠎ᠡ ᠪᠠᠷ ᠨᠡᠮᠡᠭᠳᠡᠬᠦ ᠶᠢ ᠳᠡᠮᠵᠢᠯᠭᠡ ᠶᠢᠨ ᠬᠡᠪᠴᠢᠶᠡᠨ ᠳᠤ ᠰᠢᠨ᠎ᠡ ᠪᠠᠷ ᠨᠡᠮᠡᠭᠳᠡᠭᠦᠯᠦᠨ ᠣᠷᠣᠭᠤᠯᠵᠤ᠂ | ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠪᠣᠯᠪᠠᠴᠤ ᠲᠤᠭ᠎ᠠ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ ᠣᠷᠣᠭᠤᠯᠤᠭᠰᠠᠨ | ᠦᠭᠡᠢ ᠲᠥᠷᠥᠯ ᠵᠦᠢᠯ ᠢ ᠳᠡᠮᠵᠢᠯᠭᠡ ᠶᠢᠨ ᠬᠡᠪᠴᠢᠶᠡᠨ ᠳᠤ ᠠᠶᠠᠨᠳᠠᠭᠠᠨ ᠣᠷᠣᠭᠤᠯᠵᠤ᠂ ᠭᠤᠷᠪᠠᠳᠤᠭᠠᠷ ᠤᠯᠠᠷᠢᠯ ᠳᠤ ᠨᠠᠩ | ᠣᠯᠠᠨ ᠪᠣᠳᠠᠲᠠᠢ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠶᠢᠨ ᠬᠠᠮᠲᠤ ᠦᠢᠯᠡᠳᠬᠡᠯ ᠤᠨ ᠦᠢᠯᠡᠰ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠤ ᠴᠠᠭ ᠲᠤᠬᠠᠢ ᠳᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ | ᠭᠦᠢᠯᠭᠡᠭᠡᠨ ᠤ ᠪᠠᠭᠠᠵᠢ ᠪᠠᠷ ᠳᠡᠮᠵᠢᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠠᠭᠤᠴᠢᠨ ᠪᠠ ᠬᠠᠭᠤᠴᠢᠷᠠᠭᠰᠠᠨ ᠰᠠᠭᠤᠭᠠᠯᠢ | ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠮᠤᠵᠢ ᠶᠢᠨ ᠱᠠᠲᠤᠨ ᠤ ᠥᠨᠳᠥᠷ ᠬᠤᠷᠳᠤᠴᠠᠲᠤ ᠵᠠᠰᠠᠮᠠᠯ ᠵᠠᠮ ᠵᠡᠷᠭᠡ ᠶᠢ | ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠠᠷᠠᠳ ᠤᠨ ᠪᠡᠯᠡ ᠣᠷᠣᠭᠤᠯᠤᠯᠲᠠ ᠶᠢ ᠠᠯᠢ ᠴᠢᠳᠠᠬᠤ ᠪᠠᠷ | ᠲᠠᠲᠠᠨ᠎ᠠ᠃ ᠭᠤᠷᠪᠠ ᠳᠤ᠂ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠵᠡᠷᠭᠡ ᠶᠢᠨ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠦᠷᠭᠡᠬᠡᠨ | ᠨᠡᠶᠢᠲᠡᠯᠡᠨ᠎ᠡ᠃ ᠳᠥᠷᠪᠡ ᠳᠤ᠂ ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠪᠠ ᠤᠷᠳᠤ | ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠥᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠳᠤ ᠪᠡᠯᠡ ᠲᠣᠬᠢᠷᠠᠭᠤᠯᠭ᠎ᠠ ᠶᠢ ᠭᠦᠢᠴᠡᠳ | ᠬᠠᠩᠭᠠᠨ᠎ᠠ᠃ ᠡᠨᠡ ᠨᠢ ᠪᠠᠰᠠ ᠢᠲᠡᠭᠡᠮᠵᠢᠲᠦ ᠵᠢᠭᠡᠯᠡᠯᠭᠡ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠳᠤ ᠠᠰᠢᠭᠲᠠᠢ | ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠩᠬᠢ ᠳᠤ ᠲᠠᠯᠪᠢᠬᠤ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ | ᠪᠠᠩᠬᠢ ᠨᠤᠭᠤᠳ ᠳᠣᠲᠣᠭᠠᠳᠤ ᠶᠢᠨ ᠬᠢᠨᠠᠨ ᠰᠢᠯᠭᠠᠯᠲᠠ ᠪᠠ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠠᠴᠠ | ᠬᠡᠯᠲᠦᠷᠢᠭᠦᠯᠬᠦ ᠲᠣᠭᠲᠠᠭᠠᠯ ᠢᠶᠠᠨ ᠲᠡᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠢ᠃ | ᠲᠠᠪᠤ ᠳᠤ᠂ ᠭᠤᠣᠯᠳᠠᠯᠭ᠎ᠠ ᠲᠠᠢ ᠲᠥᠷᠥᠯ ᠵᠦᠢᠯ ᠳᠤ ᠦᠷᠭᠦᠯᠵᠢᠯᠡᠨ ᠲᠥᠪᠯᠡᠷᠡᠭᠦᠯᠦᠨ ᠠᠵᠢᠯᠯᠠᠬᠤ᠂ ᠨᠡᠶᠢᠯᠡᠭᠦᠯᠦᠨ | ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ | ᠪᠠ ᠡᠷᠬᠡ ᠶᠢᠨ ᠬᠢᠵᠠᠭᠠᠷ ᠢᠶᠠᠨ ᠦᠨᠳᠦᠰᠦᠯᠡᠨ ᠭᠠᠵᠠᠷ ᠰᠢᠷᠣᠢ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠵᠡᠷᠭᠡ ᠳᠤ ᠠᠮᠠᠯᠠᠯᠲᠠ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ | ᠭᠠᠷ ᠭᠦᠢᠴᠡᠳᠬᠡᠯ ᠢ ᠨᠥᠬᠦᠵᠦ ᠭᠦᠢᠴᠡᠳᠬᠡᠨ᠎ᠡ᠃ ᠵᠢᠷᠭᠤᠭ᠎ᠠ ᠳᠤ᠂ ᠪᠠᠲᠤᠯᠠᠭ᠎ᠠ ᠶᠢᠨ ᠴᠢᠨᠠᠷᠲᠠᠢ ᠪᠠ ᠰᠠᠶᠢᠵᠢᠷᠠᠭᠤᠯᠬᠤ | ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠣᠷᠣᠨ ᠨᠤᠲᠤᠭ ᠤᠨ ᠬᠢᠨ ︽ᠨᠢᠭᠡ ᠬᠤᠲᠠ ᠳᠤ ᠨᠢᠭᠡ | ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠱᠠᠲᠤᠴᠢ ᠴᠢᠨᠠᠷᠲᠠᠢ | ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠ ᠲᠤᠰᠢᠶᠠᠬᠤ ᠶᠢ ᠪᠠᠲᠤᠯᠠᠬᠤ ᠠᠰᠠᠷ ᠤᠨ ᠲᠤᠰᠬᠠᠢ ᠵᠦᠢᠯ ᠤᠨ | ᠵᠢᠭᠡᠯᠡᠯᠭᠡ ᠶᠢ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠮᠠᠰᠢᠨ ᠲᠡᠷᠭᠡ ᠵᠡᠷᠭᠡ ᠥᠷᠭᠡᠨ ᠬᠡᠷᠡᠭᠴᠡᠭᠡᠨ ᠤ ᠵᠦᠢᠯᠡᠰ ᠤᠨ | ᠬᠡᠷᠡᠭᠯᠡᠭᠡ ᠶᠢ ᠠᠬᠢᠭᠤᠯᠤᠨ᠎ᠠ᠃ ᠲᠤᠯᠤᠭ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠰᠠ ᠨᠢᠭᠡ ᠪᠦᠯᠦᠭ ᠬᠢᠨᠠᠨ | ᠵᠢᠯᠤᠭᠤᠳᠬᠤ ᠪᠠ ᠦᠢᠯᠡᠴᠢᠯᠡᠬᠦ ᠠᠵᠢᠯ ᠤᠨ ᠳᠤᠭᠤᠶᠢᠯᠠᠩ ᠢ ᠲᠣᠮᠢᠯᠠᠵᠤ᠂ ᠨᠡᠯᠢᠶᠡᠳ ᠣᠯᠠᠨ ᠮᠤᠵᠢ ᠳᠤ ᠬᠦᠷᠴᠦ | ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠴᠠᠭ ᠲᠤᠬᠠᠢ ᠳᠤ ᠨᠢ ᠬᠠᠷᠭᠤᠭᠤᠯᠤᠨ | ᠪᠠᠶᠢᠴᠠᠭᠠᠵᠤ ᠬᠠᠷᠢᠭᠤ ᠰᠤᠷᠪᠤᠯᠵᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠤᠯᠠᠷᠢᠯ ᠤᠨ | ᠪᠣᠳᠠᠲᠠᠢ ᠠᠵᠢᠯ ᠤᠨ ᠬᠡᠮᠵᠢᠶ᠎ᠡ ᠶᠢ ᠪᠡᠶᠡᠯᠡᠭᠦᠯᠦᠭᠰᠡᠨ᠂ ᠭᠠᠷ ᠭᠦᠢᠴᠡᠳᠬᠡᠯ ᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ | ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠨᠠᠢᠮᠠ ᠳᠤ᠂ ᠡᠯ᠎ᠡ ᠭᠠᠵᠠᠷ ᠤᠨ ᠬᠢᠨ ᠪᠠᠰᠠ ᠬᠢᠨᠠᠨ ᠵᠢᠯᠤᠭᠤᠳᠬᠤ ᠪᠠ | ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠠᠷᠢᠭᠤ ᠮᠡᠳᠡᠭᠦᠯᠦᠯᠲᠡ ᠲᠠᠢ ᠪᠠᠶᠢᠯᠭᠠᠬᠤ᠂ ᠪᠡᠯᠡ ᠮᠥᠩᠭᠦ ᠶᠢ ᠨᠡᠭᠦᠯᠭᠡᠨ ᠬᠡᠷᠡᠭᠯᠡᠬᠦ ᠦᠭᠡᠢ ᠪᠠᠶᠢᠬᠤ ᠶᠢ | ᠪᠠᠲᠤᠯᠠᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠵᠠᠷᠴᠢᠮ ᠶᠣᠰᠣᠭᠠᠷ ᠴᠠᠭ ᠲᠣᠬᠢᠶᠠᠯ ᠢ ᠠᠯᠳᠠᠯ ᠦᠭᠡᠢ ᠪᠠᠷ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠥᠭᠡᠷᠡᠴᠢᠯᠡᠯᠲᠡ ᠪᠣᠯ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ | ᠳᠣᠲᠣᠷᠠᠬᠢ ᠲᠦᠢᠯ ᠤᠨ ᠴᠢᠬᠤᠯᠠ ᠪᠠᠭᠠᠵᠢ ᠮᠥᠨ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ ᠶᠢ | ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ | ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠡᠭᠦᠨ ᠳᠤ ᠭᠤᠣᠯᠳᠠᠭᠤ ᠠᠵᠤ ᠠᠬᠤᠶᠢᠯᠠᠯ ᠳᠤ ᠬᠤᠯᠪᠣᠭᠳᠠᠭᠰᠠᠨ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠭᠦᠨᠵᠡᠭᠡᠢ ᠴᠡᠭᠴᠡᠯᠡᠨ ᠵᠠᠰᠠᠬᠤ᠂ ᠡᠷᠬᠡ ᠶᠢᠨ ᠵᠠᠭᠠᠭ ᠬᠢᠵᠠᠭᠠᠷ ᠢ | ᠴᠢᠩᠭ᠎ᠠ ᠵᠠᠭᠠᠭᠯᠠᠨ ᠲᠣᠭᠲᠠᠭᠠᠬᠤ᠂ ᠳᠤᠷ᠎ᠠ ᠪᠠᠷ ᠵᠣᠭᠤᠰ ᠢᠶᠠᠷ ᠲᠣᠷᠭᠠᠬᠤ᠂ ᠭᠠᠶᠢᠯᠢ ᠶᠢᠨ ᠰᠦᠢᠳᠬᠡᠯ ᠢ ᠬᠡᠲᠦᠷᠡᠲᠡᠯ᠎ᠡ | ᠬᠤᠷᠢᠶᠠᠬᠤ ᠵᠡᠷᠭᠡ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠵᠡᠷᠭᠡ ᠪᠠᠭᠲᠠᠨ᠎ᠠ᠃ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠠᠳᠠᠯᠢ ᠲᠦᠷᠦᠯ ᠬᠡᠯᠪᠡᠷᠢ ᠶᠢᠨ ᠦᠢᠯᠡᠳᠬᠦᠨ ᠢ ᠨᠢᠭᠡ ᠯᠡ ᠤᠳᠠᠭ᠎ᠠ ᠳᠤ | ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯᠴᠢ ᠥᠷᠢᠰᠦᠯᠳᠦᠭᠡᠨ ᠢ ᠬᠠᠮᠠᠭᠠᠯᠠᠨ᠎ᠠ᠃ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠦᠨ᠎ᠡ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |