| | ︵ᠰᠤᠷᠪᠤᠯᠵᠢᠯᠠᠭᠴᠢ ᠶᠠᠩ ᠼᠠᠢ ᠰᠢᠶᠠ︶ 9 ᠳ᠋ᠤᠭᠡᠷ ᠰᠠᠷ᠎ᠠ ᠶᠢᠨ 26 ᠤ ᠡᠳᠦᠷ᠂ ᠰᠠᠶᠢᠬᠠᠨ ᠲᠣᠭᠤᠷᠢᠭ ᠤᠨ | ᠵᠠᠰᠠᠭ ᠤᠨ ᠣᠷᠳᠣᠨ ᠬᠢᠭᠡᠳ ᠵᠢᠩ ᠳ᠋ᠦᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠮᠲᠤᠷᠠᠯᠴᠠᠭᠠᠨ ᠤ | ᠭᠡᠷ᠎ᠡ ᠲᠣᠭᠲᠠᠬᠤ ᠶᠣᠰᠣᠯᠠᠯ ᠰᠠᠶᠢᠬᠠᠨ ᠲᠣᠭᠤᠷᠢᠭ ᠤᠨ ᠶᠢᠨ ᠴᠢᠶᠣᠤ ᠦᠢᠯᠡᠰ ᠪᠣᠰᠬᠠᠵᠤ ᠰᠢᠨ᠎ᠡ ᠶᠢ ᠡᠭᠦᠳᠬᠦ | ᠵᠢᠱᠢᠶ᠎ᠡ ᠦᠵᠡᠭᠦᠯᠬᠦ ᠲᠣᠭᠤᠷᠢᠭ ᠤᠨ ᠡᠾᠦ᠋ᠢ ᡁᠢ ᠦᠢᠯᠡᠰ ᠪᠣᠰᠬᠠᠬᠤ ᠬᠦᠷᠢᠶᠡᠯᠡᠩ ᠳᠤ ᠶᠠᠪᠤᠭᠳᠠᠵᠤ᠂ ᠵᠢᠩ ᠳ᠋ᠦᠩ | ᠰᠢᠨᠵᠢᠯᠡᠬᠦ ᠤᠬᠠᠭᠠᠨ ᠮᠡᠷᠭᠡᠵᠢᠯ ︵ᠬᠥᠬᠡᠬᠤᠲᠠ︶ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ ᠬᠠᠮᠲᠤᠷᠠᠯᠴᠠᠭᠠᠨ ᠤ ᠲᠦᠷᠦᠯ ᠵᠦᠢᠯ ᠰᠠᠶᠢᠬᠠᠨ ᠲᠣᠭᠤᠷᠢᠭ ᠲᠤ ᠵᠢᠩᠬᠢᠨᠢ ᠪᠠᠷ ᠨᠤᠲᠤᠭᠰᠢᠪᠠ᠃ | ᠲᠠᠨᠢᠯᠴᠠᠭᠤᠯᠤᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠢᠭᠡ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠬᠤ᠂ ᠨᠢᠭᠡ ᠢᠵᠢ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠦᠢᠯᠡᠴᠢᠯᠡᠭᠡᠨ ᠤ ᠲᠠᠪᠴᠠᠩ ᠢ ᠪᠠᠶᠢᠷᠢᠯᠠᠭᠤᠯᠬᠤ᠂ ᠠᠵᠤ | ᠦᠢᠯᠡᠰ ᠤᠨ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠰ ᠤᠨ ᠲᠥᠪᠯᠡᠷᠡᠯ ᠤᠨ ᠲᠥᠪ᠂ ᠠᠵᠤ ᠦᠢᠯᠡᠰ ᠤᠨ | ᠪᠣᠶᠢᠵᠢᠭᠤᠯᠤᠯᠲᠠ ᠶᠢᠨ ᠲᠥᠪ᠂ ᠠᠷᠠᠯᠵᠢᠶ᠎ᠠ ᠶᠢ ᠳᠡᠭᠡᠭᠰᠢᠯᠡᠭᠦᠯᠬᠦ ᠲᠥᠪ᠂ ᠲᠦᠷᠦᠯ ᠲᠡᠮᠳᠡᠭᠲᠦ ᠶᠢᠨ | ᠡᠵᠡᠩᠨᠡᠯᠲᠡ ᠶᠢᠨ ᠲᠥᠪ᠂ ᠴᠢᠳᠠᠪᠤᠷᠢᠲᠠᠨ ᠤ ᠦᠢᠯᠡᠴᠢᠯᠡᠭᠡᠨ ᠤ ᠲᠥᠪ ᠵᠡᠷᠭᠡ 6 ᠦᠢᠯᠡᠴᠢᠯᠡᠭᠡᠨ ᠤ ᠲᠥᠪ ᠢ | ᠪᠠᠶᠢᠭᠤᠯᠬᠤ ᠵᠡᠷᠭᠡ ᠪᠠᠭᠲᠠᠨ᠎ᠠ᠃ ᠲᠤᠬᠠᠢ ᠶᠢᠨ ᠦᠶ᠎ᠡ ᠳᠤ ᠬᠤᠶᠠᠷ ᠲᠠᠯ᠎ᠠ ᠪᠠᠷ ᠢᠶᠠᠨ ᠵᠢᠩ ᠳ᠋ᠦᠩ ᠰᠢᠨᠵᠢᠯᠡᠬᠦ | ᠤᠬᠠᠭᠠᠨ ᠮᠡᠷᠭᠡᠵᠢᠯ ︵ᠬᠥᠬᠡᠬᠤᠲᠠ︶ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ 1 ᠬᠦᠷᠢᠶᠡᠯᠡᠩ 6 ᠲᠥᠪ ᠤᠨ ᠲᠣᠭᠤᠷᠢᠨ ᠳᠤ᠂ ︽ᠲᠠᠪᠴᠠᠩ + ᠡᠵᠡᠩᠨᠡᠯᠲᠡ︾ ᠶᠢᠨ | ᠵᠠᠭᠪᠤᠷ ᠢᠶᠠᠷ ᠲᠣᠰ ᠭᠠᠵᠠᠷ ᠤᠨ ᠰᠢᠨ᠎ᠡ ᠶᠢ ᠡᠭᠦᠳᠬᠦ ᠠᠵᠤ ᠦᠢᠯᠡᠰ ᠢ ᠣᠷᠣᠭᠤᠯᠤᠨ ᠠᠪᠴᠢᠷᠠᠬᠤ᠂ ᠪᠣᠶᠢᠵᠢᠭᠤᠯᠬᠤ᠂ | ᠨᠡᠪᠴᠢᠭᠦᠯᠬᠦ ᠶᠢ ᠠᠬᠢᠭᠤᠯᠵᠤ᠂ ᠠᠵᠤ ᠦᠢᠯᠡᠰ ᠢ ᠲᠥᠪᠯᠡᠷᠡᠭᠦᠯᠬᠦ ᠪᠠ ᠦᠢᠯᠡᠳᠬᠦᠨ ᠤ ᠥᠷᠲᠡᠭ ᠢ | ᠳᠡᠭᠡᠭᠰᠢᠯᠡᠭᠦᠯᠬᠦ ᠳᠤ ᠡᠨᠧᠷᠭᠢ ᠣᠯᠭᠤᠬᠤ ᠪᠣᠯᠣᠨ᠎ᠠ᠃ |