ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠤᠨ ᠴᠢᠳᠠᠪᠤᠷᠢᠲᠠᠨ︾ ᠤ ᠳᠡᠭᠡᠳᠦ ᠲᠠᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠭᠠᠷᠠᠭ ᠤᠨ ᠬᠥᠬᠡᠬᠤᠲᠠ ᠶᠢᠨ ᠬᠤᠪᠢᠶᠠᠷᠢ ᠲᠠᠯᠠᠪᠠᠶ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/9/6
                   ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ  ᠠᠷᠢᠭᠤᠨ᠎ᠠ︶ 9 ᠳ᠋ᠤᠭᠡᠷ ᠰᠠᠷ᠎ᠠ ᠶᠢᠨ 3 ᠤ ᠡᠳᠦᠷ᠂ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠤᠨ ᠴᠢᠳᠠᠪᠤᠷᠢᠲᠠᠨ︾ ᠤ ᠳᠡᠭᠡᠳᠦ ᠲᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠭᠠᠷᠠᠭ ᠤᠨ ᠬᠥᠬᠡᠬᠤᠲᠠ ᠶᠢᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠬᠤᠷᠢᠨᠭᠡᠷ ᠰᠢᠨ᠎ᠡ ᠲᠣᠭᠤᠷᠢᠭ ᠲᠤ ᠡᠬᠢᠯᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ ᠬᠢᠭᠡᠳ ᠬᠤᠸᠠ ᠸᠧᠢ ᠺᠣᠮᠫᠠᠨᠢ ᠶᠢᠨ ᠥᠪᠥᠷ ᠮᠣᠩᠭᠤᠯ ᠤᠨ ᠶᠡᠷᠦᠩᠬᠡᠢ ᠳᠠᠭᠠᠭᠠᠮᠠᠯ ᠵᠣᠣ ᠭᠦᠸᠧ ᠬᠤᠶ ᠬᠠᠮᠲᠤ ᠪᠠᠷ ᠬᠤᠸᠠ ᠸᠧᠢ ︵ᠬᠥᠬᠡᠬᠤᠲᠠ︶ ᠶᠢᠨ ᠵᠣᠬᠢᠶᠠᠮᠠᠯ ᠤᠶᠤᠨ ᠤ ᠰᠢᠨ᠎ᠡ ᠶᠢ ᠡᠭᠦᠳᠬᠦ ᠲᠥᠪ ᠤᠨ ᠫᠠᠶᠢᠰᠠ ᠶᠢ ᠰᠡᠬᠦᠵᠦ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠪᠠᠶᠠᠷ ᠤᠨ ᠦᠭᠡ ᠬᠡᠯᠡᠵᠡᠢ᠃      ᠲᠣᠰ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠤᠨ ᠴᠢᠳᠠᠪᠤᠷᠢᠲᠠᠨ︾ ᠤ ᠳᠡᠭᠡᠳᠦ ᠲᠠᠰ  ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ᠭᠠᠷᠠᠭ ᠤᠨ ᠬᠥᠬᠡᠬᠤᠲᠠ ᠶᠢᠨ ᠬᠤᠪᠢᠶᠠᠷᠢ ᠲᠠᠯᠠᠪᠠᠶ ᠶᠢᠨ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯ ᠰᠡᠳᠦᠪ ᠪᠣᠯᠭᠠᠵᠤ᠂ ᠨᠡᠭᠡᠭᠡᠯᠲᠡ ᠬᠢᠵᠦ ᠬᠠᠮᠵᠢᠯᠴᠠᠬᠤ ᠣᠶᠢᠯᠠᠭᠠᠭᠳᠠᠬᠤᠨ ᠢ ᠪᠠᠷᠢᠮᠲᠠᠯᠠᠨ᠂ ᠪᠥᠬᠦ ᠤᠯᠤᠰ ᠤᠨ ᠡᠯ᠎ᠡ ᠭᠠᠵᠠᠷ ᠤᠨ ᠳᠡᠭᠡᠳᠦ ᠲᠠᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯᠲᠡᠨ᠂ ᠡᠷᠳᠡᠮᠲᠡᠨ ᠪᠠ ᠰᠢᠨ᠎ᠡ ᠶᠢ ᠡᠭᠦᠳᠦᠨ ᠦᠢᠯᠡᠰ ᠴᠤᠭᠴᠠᠯᠠᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠢ ᠬᠥᠬᠡᠬᠤᠲᠠ ᠳᠤ ᠣᠷᠢᠨ ᠴᠤᠭᠯᠠᠭᠠᠭᠰᠠᠨ ᠪᠠᠶᠢᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠲᠣᠭᠠᠴᠢᠯᠠᠭᠰᠠᠨ ᠠᠵᠤ ᠠᠬᠤᠢ ᠶᠢᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠠᠭᠤᠷᠢᠨ ᠭᠠᠵᠠᠷ᠂ ᠰᠣᠷᠢᠨᠵᠢᠨ ᠴᠢᠨᠠᠷᠲᠠᠢ ᠨᠠᠨᠤᠮᠧᠲᠷ ᠤᠨ ᠮᠥᠬᠦᠯᠢᠭ ᠢᠶᠠᠷ ᠳᠣᠣᠷ᠎ᠠ ᠥᠳᠬᠡᠴᠡ ᠲᠠᠢ ᠦᠨᠡᠲᠦ ᠲᠡᠮᠦᠷᠯᠢᠭ ᠢ ᠰᠠᠯᠭᠠᠨ ᠠᠪᠬᠤ ᠶᠢ ᠠᠵᠤ ᠦᠢᠯᠡᠰᠵᠢᠭᠦᠯᠬᠦ᠂ ᠥᠷᠭᠡᠨ ᠳᠡᠯᠭᠡᠷ ᠪᠣᠳᠠᠰ ᠤᠨ ᠬᠤᠯᠪᠣᠭ᠎ᠠ ᠳᠤ ᠰᠠᠭᠤᠷᠢᠯᠠᠭᠰᠠᠨ ᠬᠤᠳᠠ ᠶᠢᠨ ᠬᠡᠪᠴᠢᠶᠡᠨ ᠤ ᠨᠢᠭᠡ ᠴᠣᠭᠴᠠᠵᠢᠭᠰᠠᠨ ᠲᠣᠭᠲᠠᠩᠭᠤᠢ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠰᠤᠳᠤᠯᠭᠠᠨ᠂ ᠤᠯᠠᠨ ᠴᠢᠳᠠᠮᠵᠢᠲᠤ ᠳᠡᠯᠪᠡᠷᠡᠯᠲᠡ ᠶᠢ ᠰᠡᠷᠭᠡᠶᠢᠯᠡᠬᠦ AGV ᠮᠠᠰᠢᠨ ᠬᠥᠮᠥᠨ ᠤ ᠰᠢᠰᠲ᠋ᠧᠮ ᠢ ᠰᠤᠳᠤᠯᠤᠨ ᠦᠢᠯᠡᠳᠬᠦ ᠵᠡᠷᠭᠡ ᠤᠯᠠᠨ ᠬᠦᠷᠢᠶᠡᠨ ᠳᠤ ᠭᠡᠷ᠎ᠡ ᠲᠣᠭᠲᠠᠵᠠᠢ᠃      ᠡᠭᠦᠨ ᠠᠴᠠ ᠭᠠᠳᠠᠨ᠎ᠠ᠂ ᠬᠥᠬᠡᠬᠤᠲᠠ ᠶᠢᠨ ᠬᠤᠪᠢᠶᠠᠷᠢ ᠲᠠᠯᠠᠪᠠᠢ ᠨᠢ ᠪᠠᠰᠠ ᠭᠤᠣᠯ ᠵᠤᠷᠢᠯᠳᠠᠳᠤ ᠶᠠᠷᠢᠶ᠎ᠠ ᠢᠯᠡᠳᠬᠡᠯ᠂ ᠲᠤᠰᠬᠠᠢ ᠰᠡᠳᠦᠪᠲᠦ ᠪᠣᠯᠪᠠᠰᠤᠷᠠᠯ᠂ ᠲᠣᠭᠤᠷᠢᠭ ᠰᠢᠷᠡᠭᠡᠨ ᠤ ᠶᠠᠷᠢᠯᠴᠠᠭ᠎ᠠ᠂ ᠴᠢᠳᠠᠪᠤᠷᠢᠲᠠᠨ ᠤ ᠦᠢᠯᠡᠴᠢᠯᠡᠭᠡᠨ ᠤ ᠲᠥᠯᠥᠪᠯᠡᠭᠡ ᠶᠢ ᠨᠡᠶᠢᠲᠡᠯᠡᠬᠦ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ᠂ ᠠᠷᠠᠯᠵᠢᠶᠠᠴᠢᠨ ᠤᠷᠢᠵᠤ ᠵᠣᠯᠭᠠᠭᠤᠯᠬᠤ ᠵᠡᠷᠭᠡ ᠶᠢ ᠪᠠᠭᠲᠠᠭᠠᠭᠰᠠᠨ ᠤᠯᠠᠨ ᠵᠦᠢᠯ ᠤᠨ  ᠤᠯᠠᠨ ᠶᠠᠩᠵᠤ ᠬᠡᠯᠪᠡᠷᠢ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ᠲᠠᠨᠢᠯᠴᠠᠭᠤᠯᠤᠭᠰᠠᠨ ᠢᠶᠠᠷ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯ ᠥᠪᠥᠷ ᠮᠣᠩᠭᠤᠯ ᠠᠴᠠ ᠬᠥᠬᠡᠬᠤᠲᠠ ᠶᠢᠨ ᠪᠥᠬᠦ ᠣᠷᠣᠨ ᠤ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠦᠲᠦᠭᠡᠨ ᠪᠠᠶᠢᠭᠤᠯᠬᠤ ᠶᠢ ᠳᠡᠮᠵᠢᠬᠦ ᠠᠴᠢᠶᠠᠯᠠᠪᠤᠷᠢ ᠮᠥᠨ᠂ ︽ᠨᠢᠭᠡ ᠲᠥᠪ ᠣᠯᠠᠨ ᠴᠡᠭ︾ ᠤᠨ ᠴᠢᠳᠠᠪᠤᠷᠢᠲᠠᠨ ᠤ ᠪᠠᠶᠢᠷᠢᠰᠢᠯ ᠢ ᠬᠦᠨᠵᠡᠭᠡᠶᠢᠷᠡᠬᠦᠯᠵᠦ ᠪᠣᠳᠠᠲᠠᠶᠢᠵᠢᠭᠤᠯᠬᠤ ᠪᠦᠲᠦᠮᠵᠢᠲᠡᠶ ᠭᠠᠷᠳᠠᠴᠠ ᠮᠥᠨ᠂ ᠪᠠᠰᠠ ᠴᠤ ︽ᠲᠥᠪ ᠢ ᠬᠦᠴᠦᠷᠭᠡᠭᠵᠢᠬᠦᠯᠵᠦ ᠴᠡᠭ ᠢ ᠬᠦᠭᠵᠢᠭᠡᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ ᠤ 8 ᠲᠢᠩᠬᠢᠮ ᠲᠣᠪᠴᠢᠶ᠎ᠠ ᠶᠢᠨ ᠨᠡᠶᠢᠲᠡᠯᠡᠭᠰᠡᠨ 104 ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠬᠥᠬᠡᠬᠤᠲᠠ ᠶᠢᠨ 8 ᠰᠠᠯᠠᠭ᠎ᠠ ᠮᠥᠴᠢᠷ ᠤᠨ ᠲᠣᠭᠲᠠᠭᠠᠭᠰᠠᠨ 45 ᠵᠣᠷᠪᠤᠰ 115 ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠤ ᠦᠢᠯᠡᠰ ᠢ ᠬᠥᠭᠵᠢᠭᠦᠯᠬᠦ᠂ ᠲᠠᠪᠴᠠᠩ ᠪᠠᠶᠢᠭᠤᠯᠬᠤ᠂ ᠬᠤᠪᠢᠷᠠᠭᠤᠯᠤᠯᠲᠠ ᠶᠢ ᠠᠬᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠴᠢᠳᠠᠪᠤᠷᠢᠲᠠᠨ ᠢ ᠴᠤᠭᠯᠠᠷᠠᠭᠤᠯᠬᠤ ᠶᠢ ᠬᠦᠴᠦᠲᠡᠢ ᠳᠡᠮᠵᠢᠵᠦ ᠪᠣᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号