2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠥᠬᠡᠬᠤᠲᠠ ᠶᠢᠨ ᠠᠵᠢᠯᠯᠠᠭ᠎ᠠ 9 ᠳ᠋ᠤᠭᠡᠷ ᠰᠠᠷ᠎ᠠ ᠶᠢᠨ 5 ᠠᠴᠠ 11 ᠤ ᠡᠳᠦᠷ ᠪᠣᠯᠲᠠᠯ᠎ᠠ ᠶᠠᠪᠤᠭᠳᠠᠨ᠎ᠠ
ᠨᠡᠶᠢᠲᠡᠯᠡᠭᠰᠡᠨ ᠴᠠᠭ᠄
2022/9/6
     ︵ᠰᠤᠷᠪᠤᠯᠵᠢᠯᠠᠭᠴᠢ ᠶᠠᠩ ᠼᠠᠢ ᠰᠢᠶᠠ︶ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠦᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠪᠠᠷ ᠭᠤᠣᠯ ᠰᠡᠳᠦᠪ ᠪᠣᠯᠭᠠᠭᠰᠠᠨ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠥᠬᠡᠬᠤᠲᠠ ᠶᠢᠨ ᠠᠵᠢᠯᠯᠠᠭ᠎ᠠ ᠥᠨᠥᠳᠥᠷ ᠡᠬᠢᠯᠡᠵᠡᠢ᠃      2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠮᠠᠨ ᠤ ᠬᠤᠲᠠ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ  ᠱᠠᠩᠨᠠᠯᠲᠤ ᠤᠷᠤᠯᠳᠤᠭᠠᠨ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠵᠡᠷᠭᠡ ᠣᠯᠠᠨ ᠵᠦᠢᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠣᠯᠤᠨ᠎ᠠ᠂ 9 ᠳ᠋ᠤᠭᠡᠷ ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠣᠯ ᠰᠡᠳᠦᠪᠲᠦ ᠡᠳᠦᠷ ᠤᠨ ᠠᠵᠢᠯᠯᠠᠭ᠎ᠠ ᠶᠢ ᠲᠣᠰ ᠲᠣᠰ ᠡᠷᠭᠢᠯᠡᠵᠦ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠪᠠ ᠨᠢᠭᠡᠴᠡ᠂ ᠡᠯ᠎ᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠᠰᠠ ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠵᠡᠷᠭᠡ ᠤᠬᠠᠭᠤᠯᠤᠨ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ ᠥᠷᠨᠢᠬᠦᠯᠬᠦ ᠪᠣᠯᠤᠨ᠎ᠠ᠃      ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢ ᠶᠡᠷᠦᠩᠬᠡᠢ ᠳᠤᠨᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠵᠡᠷᠭᠡᠪᠡᠷ ᠠᠷᠭ᠎ᠠ  ᠪᠣᠳᠤᠯᠭ᠎ᠠ ᠬᠡᠷᠡᠭᠵᠢᠬᠦᠯᠦᠨ᠂ ᠬᠠᠤᠯᠢ ᠶᠣᠰᠣᠭᠠᠷ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠬᠠᠮᠠᠭᠠᠯᠠᠬᠤ ᠪᠠ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠣᠯᠣᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠷᠠᠳ ᠣᠯᠠᠨ ᠤ ᠠᠮᠢ ᠬᠤᠪᠢ ᠶᠢᠨ ᠠᠰᠢᠭ ᠲᠤᠰᠠ ᠶᠢ ᠬᠠᠮᠠᠭᠠᠯᠠᠪᠠ᠃ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠦᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠥᠷᠭᠡᠨ ᠤᠯᠠᠨ ᠰᠦᠯᠵᠢᠶᠡᠨ ᠢᠷᠭᠡᠳ ᠬᠠᠮᠲᠤᠪᠠᠷ ᠬᠦᠴᠦᠯᠡᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠣᠷᠣᠨ ᠤ ᠲᠥᠪ ᠤᠨ ᠬᠦᠴᠦᠨ ᠢᠶᠠᠨ ᠡᠷᠭᠦᠵᠦ᠂ ︽ᠦᠵᠡᠰᠬᠦᠯᠡᠩᠲᠦ ᠰᠠᠶᠢᠬᠠᠨ ᠬᠦᠬᠡᠬᠤᠲᠠ᠂  ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号