ᠬᠤᠶᠠᠳᠤᠭᠠᠷ ᠬᠤᠭᠤᠴᠠᠭᠠᠨ ᠤ ᠴᠡᠯᠡᠭᠡᠷ ᠲᠠᠯ᠎ᠠ ᠲᠠᠯ᠎ᠠ ᠨᠤᠲᠤᠭ ᠤᠨ ᠰᠣᠶᠣᠯ ᠤᠨ ᠨᠠᠶᠢᠷ ᠵᠢᠴᠢ ᠬᠤᠷᠢᠨ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/9/6
           ᠪᠣᠣ ᠭᠠᠩ  ᠴᠢᠨ ᠶᠠᠨ  ᠯᠢ ᠵᠢᠶᠦ᠋ᠩ  ᠲᠢᠶᠠᠨ ᠷᠦᠢ ᠬᠤᠸᠠ  ᠼᠤᠤ ᠰᠧ ᠶᠠᠩ ᠣᠷᠣᠯᠴᠠᠵᠠᠢ    ︵ᠰᠤᠷᠪᠤᠯᠵᠢᠯᠠᠭᠴᠢ ᠮᠢᠶᠣᠣ ᠴᠢᠩ︶ ᠨᠠᠯᠠᠭᠠᠷ ᠨᠠᠮᠤᠷ ᠤᠨ ᠬᠦᠬᠡᠬᠤᠲᠠ ᠲᠡᠭᠷᠢ ᠨᠢ ᠴᠡᠯᠮᠡᠭ ᠲᠠᠯ᠎ᠠ ᠨᠢ ᠠᠭᠤᠳᠠᠮ᠂ ᠴᠡᠪᠡᠷ ᠠᠭᠠᠷ ᠲᠤ ᠨᠢ ᠴᠡᠴᠡᠭ ᠡᠪᠡᠰᠦᠨ ᠤ ᠠᠩᠭᠢᠯᠤᠮ᠎ᠠ ᠦᠨᠦᠷ ᠬᠠᠩᠬᠤᠯᠤᠨ᠎ᠠ᠃ 9 ᠳ᠋ᠤᠭᠡᠷ ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ᠴᠡᠯᠡᠭᠡᠷ ᠲᠠᠯ᠎ᠠ ᠲᠠᠯ᠎ᠠ ᠨᠤᠲᠤᠭ ᠤᠨ ᠰᠣᠶᠣᠯ ᠤᠨ ᠨᠠᠶᠢᠷ ᠵᠢᠴᠢ ᠬᠤᠷᠢᠨ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠵᠣᠣ ᠵᠢᠶᠦ᠋ᠨ ᠤ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠴᠡᠯᠡᠭᠡᠷ ᠲᠠᠯ᠎ᠠ ᠳᠤ ᠶᠠᠪᠤᠭᠳᠠᠵᠤ᠂ ᠡᠨᠡ ᠨᠢ ᠲᠠᠯ᠎ᠠ ᠨᠤᠲᠤᠭ ᠤᠨ ᠰᠣᠶᠣᠯ ᠪᠠ ᠵᠣᠣ ᠵᠢᠶᠦ᠋ᠨ ᠤ ᠰᠣᠶᠣᠯ ᠢᠶᠠᠷ ᠣᠨᠴᠠᠯᠢᠭ ᠪᠣᠯᠭᠠᠭᠰᠠᠨ ᠪᠠᠶᠠᠷ ᠤᠨ ᠡᠳᠦᠷ ᠤᠨ ᠦᠪᠡᠳᠡᠭᠰᠢ ᠴᠤᠭᠯᠠᠭᠠᠨ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠭ᠎ᠠ ᠶᠤᠮ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠨ ᠶᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠢᠶᠦ᠋ᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ᠂ ᠬᠤᠲᠠ ᠶᠢᠨ ᠳᠡᠳ᠋ ᠳᠠᠷᠤᠭ᠎ᠠ ᠸᠠᠩ ᠶᠠᠨ ᠵᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠸᠧ ᠶᠢᠩ ᠵᠢᠶᠦ᠋ᠨ᠂ ᠯᠢ ᠸᠧᠨ ᠭᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠤᠰ ᠬᠤᠭᠤᠴᠠᠭᠠᠨ ᠤ ᠰᠣᠶᠣᠯ ᠤᠨ ᠨᠠᠶᠢᠷ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠣᠶᠣᠯ ᠤᠨ ᠨᠠᠶᠢᠷ ᠨᠢ ︽ᠦᠨᠳᠦᠰᠦᠲᠡᠨ ᠤ ᠪᠦᠯᠬᠦᠮᠳᠡᠯ ᠢ ᠴᠤᠤᠷᠢᠶᠠᠲᠤᠭᠤᠯᠵᠤ ᠭᠠᠷ ᠬᠤᠯᠪᠣᠨ ᠢᠷᠡᠭᠡᠳᠦᠢ ᠵᠦᠭ ᠬᠠᠮᠲᠤ ᠪᠠᠷ ᠤᠷᠤᠭᠰᠢᠯᠠᠶ᠎ᠠ︾ ᠭᠡᠳᠡᠭ ᠢᠶᠠᠷ ᠭᠤᠣᠯ ᠰᠡᠳᠦᠪ ᠢᠶᠠᠨ ᠪᠣᠯᠭᠠᠵᠤ᠂ ᠠᠵᠢᠯᠯᠠᠭ᠎ᠠ ᠨᠢ ᠤᠯᠠᠨ ᠲᠦᠮᠡᠨ ᠤ ᠰᠣᠶᠣᠯ ᠢᠶᠠᠷ ᠰᠠᠭᠤᠷᠢ ᠪᠣᠯᠭᠠᠵᠤ᠂ ᠤᠯᠤᠰ ᠤᠨ ᠳᠣᠲᠣᠭᠠᠳᠤ ᠶᠢᠨ ᠡᠯ᠎ᠡ ᠭᠠᠵᠠᠷ ᠯᠤᠭ᠎ᠠ ᠶᠢᠨ ᠰᠣᠶᠣᠯ᠂ ᠵᠤᠭᠠᠴᠠᠯ ᠤᠨ ᠶᠠᠪᠤᠯᠴᠠᠭ᠎ᠠ ᠰᠣᠯᠢᠯᠴᠠᠭ᠎ᠠ ᠶᠢᠨ ᠠᠭᠤᠯᠭ᠎ᠠ ᠶᠢ ᠨᠡᠮᠡᠵᠦ᠂ ᠬᠥᠬᠡᠬᠤᠲᠠ ᠶᠢᠨ ᠦᠨᠳᠦᠰᠦᠲᠡᠨ ᠤ ᠣᠨᠴᠠᠯᠢᠭᠲᠤ ᠰᠣᠶᠣᠯ ᠤᠨ ᠲᠦᠷᠦᠯ ᠲᠡᠮᠳᠡᠭ ᠢ ᠡᠭᠦᠳᠬᠦ᠂ ᠬᠥᠬᠡᠬᠤᠲᠠ ᠶᠢᠨ ᠭᠠᠳᠠᠭᠠᠳᠤ ᠳᠠᠬᠢ ᠨᠥᠯᠥᠭᠡᠯᠡᠬᠦ ᠬᠦᠴᠦᠨ ᠪᠣᠯᠣᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ᠂ ︽ᠲᠦᠷᠪᠡᠨ ᠣᠷᠣᠨ ᠪᠦᠰᠡ ᠶᠢᠨ ᠲᠥᠪ︾ ᠢ ᠡᠭᠦᠳᠬᠦ᠂ ︽ᠲᠠᠪᠤᠨ ᠲᠣᠬᠢᠷᠠᠮᠵᠢᠲᠠᠢ ᠬᠤᠳᠠ︾ ᠶᠢ ᠪᠦᠲᠦᠭᠡᠨ ᠪᠠᠶᠢᠭᠤᠯᠬᠤ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠴᠡᠢ᠃      ᠰᠣᠶᠣᠯ ᠤᠨ ᠨᠠᠶᠢᠷ ᠨᠢ ᠪᠦᠬᠦ ᠲᠠᠯᠠᠪᠠᠶ ᠶᠢᠨ ︽ ᠪᠢ ᠡᠬᠡ ᠤᠯᠤᠰ ᠲᠠᠢ ᠪᠠᠨ︾ ᠲᠤᠭᠯᠠᠯᠲᠠ ᠶᠢᠨ ᠳᠤᠮᠳᠠ ᠬᠥᠰᠢᠭᠡ ᠪᠠᠨ ᠰᠡᠬᠦᠵᠦ᠂ ᠡᠬᠢᠯᠡᠯᠲᠡ ᠶᠢᠨ ᠶᠣᠰᠣᠯᠠᠯ ᠨᠢ ᠪᠣᠳᠠᠲᠤ ᠦᠵᠡᠮᠵᠢ ᠪᠣᠯᠣᠨ ᠬᠠᠷᠢᠯᠴᠠᠨ ᠦᠢᠯᠡᠳᠦᠯᠴᠡᠬᠦ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠡᠶ᠎ᠡ ᠨᠠᠶᠢᠷᠠᠮᠳᠠᠭᠤ ᠬᠠᠮᠲᠤᠪᠠᠷ ᠠᠭᠤᠰᠤᠯᠴᠠᠶ᠎ᠠ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾ ᠭᠡᠬᠦ ᠭᠤᠷᠪᠠᠨ ᠪᠦᠯᠦᠭ ᠬᠤᠪᠢᠶᠠᠵᠤ᠂ ᠲᠤᠬᠠᠢ ᠶᠢᠨ ᠲᠠᠯᠠᠪᠠᠢ ᠳᠤ ᠠᠭᠤᠳᠠᠮ ᠲᠠᠯᠠᠪᠠᠢ ᠶᠢᠨ ᠪᠥᠵᠢᠭ᠂ ᠬᠢᠯᠠᠰ ᠲᠤᠭᠯᠠᠯᠲᠠ᠂ ᠳᠠᠭᠤᠤ᠂  ᠪᠦᠵᠢᠭ ᠵᠡᠷᠭᠡ ᠬᠡᠯᠪᠡᠷᠢ ᠪᠠᠷ ᠣᠷᠣᠨ ᠤ ᠲᠥᠪ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂  ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠦᠮᠦᠨ ᠮᠡᠲᠦ ᠳᠣᠲᠤᠨᠤ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠢ ᠴᠢᠷᠮᠠᠶᠢᠨ ᠪᠢᠴᠢᠭᠯᠡᠬᠦ ᠣᠮᠤᠭ ᠲᠡᠭᠦᠯᠳᠡᠷ ᠰᠡᠳᠬᠢᠯᠭᠡ ᠶᠢ ᠬᠠᠷᠠᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠰᠣᠶᠣᠯ ᠤᠨ ᠨᠠᠶᠢᠷ ᠤᠨ ᠠᠵᠢᠯᠯᠠᠭ᠎ᠠ ᠨᠢ 10 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠦᠷᠭᠦᠯᠵᠢᠯᠡᠨ᠎ᠡ᠂ ᠡᠨᠡ ᠬᠤᠭᠤᠴᠠᠭᠠᠨ ᠳᠤ ᠨᠠᠢᠮᠠᠨ ᠵᠦᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠭᠦᠨ ᠳᠤ ︽ᠵᠣᠣ ᠵᠢᠶᠦ᠋ᠨ ᠬᠠᠷᠢ ᠳᠤ ᠮᠣᠷᠳᠠᠭᠰᠠᠨ ᠵᠠᠮ︾ ᠰᠣᠶᠣᠯ ᠵᠢᠭᠤᠯᠴᠢᠯᠠᠯ ᠤᠨ ᠬᠤᠯᠪᠣᠭ᠎ᠠ ᠶᠢᠨ ᠳᠡᠯᠭᠡᠷᠡᠭᠦᠯᠬᠦ ᠠᠵᠢᠯᠯᠠᠭ᠎ᠠ᠂ ︽ᠴᠡᠯᠡᠭᠡᠷ ᠲᠠᠯ᠎ᠠ ᠶᠢᠨ ᠪᠦᠲᠦᠭᠡᠯᠴᠢ ᠵᠢᠷᠤᠭ ᠲᠥᠯᠥᠪᠯᠡᠭᠡ︾ ︵ᠴᠡᠯᠡᠭᠡᠷ ᠲᠠᠯ᠎ᠠ ᠶᠢᠨ ᠭᠠᠷ ᠤᠨ ᠪᠡᠯᠡᠭ︶ ᠶᠢ ᠰᠢᠯᠭᠠᠷᠠᠭᠤᠯᠬᠤ᠂ ᠳᠤᠮᠳᠠᠳᠤ ᠤᠯᠤᠰ ᠤᠨ ᠬᠤᠷᠳᠤᠨ ᠮᠣᠷᠢᠨ ᠤ ᠤᠷᠤᠯᠳᠤᠭᠠᠨ ᠤ ᠢᠯᠡ ᠤᠷᠤᠯᠳᠤᠭᠠᠨ ︵ᠬᠥᠬᠡᠬᠤᠲᠠ ᠥᠷᠲᠡᠭᠡ︶᠂  ᠳᠠᠭᠤᠤ ᠬᠦᠭᠵᠢᠮ ᠰᠢᠯᠦᠭ ᠵᠢᠷᠤᠭ ᠢ ᠠᠭᠤᠰᠤᠯᠴᠠᠭᠤᠯᠤᠭᠰᠠᠨ ᠪᠦᠲᠦᠭᠡᠯ ︽ᠵᠣᠣ ᠵᠢᠶᠦ᠋ᠨ ᠤ ᠬᠠᠶᠢᠷ᠎ᠠ ᠪᠠᠷᠢᠯᠳᠤᠯᠭ᠎ᠠ︾ ᠶᠢᠨ ᠦᠵᠡᠭᠦᠯᠦᠯᠭᠡ ᠶᠢᠨ ᠲᠣᠭᠯᠠᠯᠲᠠ᠂ 2022 ᠣᠨ ᠤ ᠵᠣᠣ ᠵᠢᠶᠦ᠋ᠨ ᠤ ᠰᠣᠶᠣᠯ ᠤᠨ ᠰᠤᠳᠤᠯᠤᠨ ᠶᠠᠷᠢᠯᠴᠠᠬᠤ ᠬᠤᠷᠠᠯ ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠣᠭᠯᠠᠯᠲᠠ ᠵᠡᠷᠭᠡ ᠪᠠᠭᠲᠠᠵᠤ᠂ ᠮᠠᠨ ᠤ ᠬᠤᠲᠠ ᠶᠢᠨ ᠬᠤᠲᠠ ᠶᠢᠨ ᠳᠦᠷᠢ ᠲᠥᠷᠬᠦ᠂ ᠰᠣᠶᠣᠯ ᠤᠨ ᠠᠭᠤᠯᠤᠭᠳᠠᠬᠤᠨ ᠵᠢᠴᠢ ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠡᠦᠬᠡ ᠰᠣᠶᠣᠯ ᠢᠶᠠᠷ ᠵᠤᠵᠠᠭᠠᠨ᠂ ᠦᠨᠳᠦᠰᠦᠲᠡᠨ ᠤ ᠣᠨᠴᠠᠯᠢᠭ ᠢᠶᠠᠷ ᠥᠳᠬᠡᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠬᠡᠬᠤᠲᠠ ᠶᠢ ᠳᠡᠯᠡᠬᠡᠢ ᠳ᠋ᠠᠬᠢᠨ ᠤ ᠬᠥᠮᠥᠰ ᠤᠨ ᠡᠮᠦᠨ᠎ᠡ ᠳᠡᠯᠭᠡᠨ ᠦᠵᠡᠭᠦᠯᠬᠦ ᠪᠣᠯᠤᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号