︵ᠰᠤᠷᠪᠤᠯᠵᠢᠯᠠᠭᠴᠢ ᠸᠠᠩ ᠵᠦᠩ ᠵᠧᠢ︶ ᠣᠶᠢᠷ᠎ᠠ ᠳᠤ᠂ ᠬᠥᠬᠡᠬᠤᠲᠠ ᠶᠢᠨ ᠤᠯᠠᠨ ᠨᠡᠶᠢᠲᠡ ᠶᠢᠨ | ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠰᠠᠶᠢᠬᠠᠨ ᠲᠣᠭᠤᠷᠢᠭ ᠤᠨ ᠴᠢᠯᠠᠭᠤᠨ ᠬᠦᠮᠦᠨ ᠤ ᠲᠣᠬᠤᠢ | ᠵᠤᠭᠠᠴᠠᠯ ᠤᠨ ᠦᠵᠡᠮᠵᠢ ᠶᠢᠨ ᠣᠷᠣᠨ ᠳᠤ ᠫᠠᠶᠢᠰᠠ ᠰᠡᠬᠦᠵᠦ ᠪᠠᠶᠢᠭᠤᠯᠤᠭᠳᠠᠪᠠ᠃ | ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠭᠰᠠᠨ | ᠨᠢ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠤᠲᠠ | ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠰ ᠳᠡᠪᠰᠢᠬᠦ ᠶᠢ | ᠠᠬᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠣᠯᠠᠨ ᠲᠦᠮᠡᠨ ᠪᠦᠭᠦᠳᠡ ᠳᠤ ᠰᠣᠶᠣᠯ ᠤᠨ ᠦᠢᠯᠡᠴᠢᠯᠡᠭᠡ ᠶᠢᠨ ᠠᠰᠢᠭ ᠲᠤᠰᠠ ᠶᠢ | ᠡᠳ᠋ᠯᠡᠭᠦᠯᠬᠦ ᠶᠢ ᠵᠣᠷᠢᠵᠠᠢ᠃ | ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ | ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ ᠰᠣᠶᠣᠯ ᠤᠨ ᠣᠷᠳᠣᠨ ᠠᠴᠠ ᠰᠣᠶᠣᠯ ᠤᠨ ᠲᠠᠯ᠎ᠠ ᠶᠢᠨ ᠬᠠᠪᠰᠤᠷᠤᠨ | ᠵᠢᠯᠣᠭᠤᠳᠤᠭᠴᠢ ᠲᠣᠮᠢᠯᠠᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠵᠣᠯᠭᠠᠭᠤᠯᠵᠤ᠂ ᠲᠤᠰᠬᠠᠢ ᠮᠡᠷᠭᠡᠵᠢᠯ ᠤᠨ | ᠬᠠᠪᠰᠤᠷᠤᠨ ᠵᠢᠯᠤᠭᠤᠳᠬᠤ ᠪᠣᠯᠪᠠᠰᠤᠷᠠᠭᠤᠯᠤᠯ ᠬᠠᠩᠭᠠᠬᠤ ᠶᠢᠨ ᠬᠠᠮᠲᠤ ᠣᠯᠠᠨ ᠲᠦᠮᠡᠨ ᠤ ᠤᠷᠠᠨ ᠰᠠᠶᠢᠬᠠᠨ ᠤ | ᠲᠣᠭᠯᠠᠯᠲᠠ᠂ ᠤᠷᠠᠨ ᠰᠠᠶᠢᠬᠠᠨ ᠤ ᠠᠵᠢᠯᠯᠠᠭ᠎ᠠ ᠶᠢ ᠲᠦᠰᠦᠪᠯᠡᠵᠦ ᠵᠢᠯᠤᠭᠤᠳᠬᠤ ᠪᠣᠯᠣᠨ᠎ᠠ᠃ |