︵ᠰᠤᠷᠪᠤᠯᠵᠢᠯᠠᠭᠴᠢ ᠦ᠋ ᠽᠢ ᠰᠢᠤᠸᠠᠨ︶ 9 ᠳ᠋ᠤᠭᠡᠷ ᠰᠠᠷ᠎ᠠ ᠶᠢᠨ 6 ᠤ ᠡᠳᠦᠷ᠂ ᠮᠠᠨ ᠤ ᠬᠤᠳᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠢᠳᠠᠪᠤᠷᠢᠲᠠᠨ ᠤ ᠲᠥᠪ ᠠᠴᠠ ᠬᠠᠮᠲᠤᠷᠠᠨ ᠡᠷᠬᠢᠯᠡᠭᠰᠡᠨ ︽ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠣᠷᠣᠨ ᠨᠤᠲᠤᠭ ᠤᠨ ᠠᠶᠠᠯᠠᠯ ︱ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢᠲᠠᠨ ︵ᠪᠦᠯᠬᠦᠮ︶ ᠢ | ᠰᠢᠯᠭᠠᠷᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠲᠤ ᠶᠠᠪᠤᠭᠳᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠢᠳᠠᠪᠤᠷᠢᠲᠠᠨ ᠤ ᠲᠥᠪ ᠤᠨ ᠨᠡᠭᠡᠭᠡᠨ ᠬᠥᠭᠵᠢᠭᠦᠯᠬᠦ | ᠦᠢᠯᠡᠴᠢᠯᠡᠭᠡᠨ ᠤ ᠭᠠᠵᠠᠷ ᠤᠨ ᠳᠠᠷᠤᠭ᠎ᠠ ᠨᠢᠦ ᠫᠢᠩ᠂ ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ | ᠣᠷᠤᠯᠴᠠᠭᠰᠠᠨ ᠤ ᠬᠠᠮᠲᠤ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠬᠤᠸᠠᠩ ᠶᠠᠨ ᠪᠢᠨ ᠤᠷᠢᠯᠭ᠎ᠠ ᠪᠠᠷ ᠣᠷᠣᠯᠴᠠᠪᠠ᠃ | ᠲᠤᠰ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠳᠡᠯᠭᠡᠭᠦᠷ ᠤᠨ ᠲᠥᠪ | ︵ᠬᠥᠬᠡᠬᠤᠲᠠ︶ ᠲᠤ ᠲᠦᠰᠢᠭᠯᠡᠵᠦ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ | ᠰᠡᠳᠦᠪ ᠢᠶᠠᠷ ᠬᠢᠴᠢᠶᠡᠯᠯᠡᠬᠦ᠂ ᠲᠤᠰᠬᠠᠢ ᠰᠡᠳᠦᠪ ᠣᠨᠴᠠᠭᠠᠶ ᠬᠡᠷᠡᠭ ᠢ ᠬᠠᠪᠰᠤᠷᠤᠨ ᠵᠢᠯᠤᠭᠤᠳᠬᠤ᠂ ᠠᠬᠤᠢ | ᠲᠠᠯᠠᠪᠠᠢ ᠶᠢᠨ ᠦᠵᠡᠭᠦᠯᠦᠯᠭᠡ ᠶᠢ ᠰᠢᠯᠭᠠᠷᠠᠭᠤᠯᠬᠤ ᠤᠷᠤᠯᠳᠤᠭᠠᠨ ᠵᠡᠷᠭᠡ ᠪᠠᠷ ᠳᠠᠮᠵᠢᠭᠤᠯᠤᠨ᠂ ᠮᠠᠨ ᠤ ᠬᠤᠲᠠ ᠳᠤ | ᠨᠢᠭᠡ ᠪᠦᠯᠦᠭ ᠲᠦᠷᠦᠭᠦᠯᠡᠬᠦ ᠦᠢᠯᠡᠳᠦᠯ ᠲᠠᠢ᠂ ᠣᠷᠣᠨ ᠤ ᠲᠥᠪ ᠤᠨ ᠠᠵᠤ ᠦᠢᠯᠡᠰ ᠲᠤ ᠢᠳᠡᠪᠬᠢᠲᠡᠢ ᠬᠤᠪᠢ | ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ | ᠴᠢᠳᠠᠪᠤᠷᠢᠲᠠᠨ ᠪᠠ ᠪᠦᠯᠬᠦᠮ ᠨᠡᠶᠢᠲᠡ ᠶᠢ ᠢᠯᠡᠷᠡᠭᠦᠯᠦᠨ ᠰᠤᠩᠭᠤᠨ ᠰᠢᠯᠭᠠᠷᠠᠭᠤᠯᠬᠤ ᠶᠢᠨ ᠬᠠᠮᠲᠤ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠲᠤᠰᠬᠠᠢ ᠮᠡᠷᠭᠡᠵᠢᠯᠲᠡᠨ ᠲᠠᠢ ᠨᠠᠷᠢᠯᠢᠭ | ᠣᠨᠤᠪᠴᠢᠲᠠᠢ ᠵᠣᠯᠭᠠᠭᠤᠯᠬᠤ ᠪᠣᠯᠣᠨ᠎ᠠ᠃ ᠮᠠᠨ ᠤ ᠬᠤᠲᠠ ᠶᠢᠨ 32 ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠡᠭᠦᠰᠬᠡᠨ ᠪᠠᠶᠢᠭᠤᠯᠤᠭᠴᠢ᠂ ᠳᠡᠭᠡᠳᠦ ᠲᠠᠰ ᠤᠨ ᠬᠠᠮᠢᠶᠠᠷᠤᠭᠴᠢ ᠪᠠ | ᠮᠡᠷᠭᠡᠵᠢᠯ ᠤᠨ ᠰᠤᠳᠤᠯᠤᠨ ᠨᠡᠭᠡᠭᠡᠬᠦ ᠭᠤᠣᠯᠯᠠᠭᠴᠢ ᠴᠢᠳᠠᠪᠤᠷᠢᠲᠠᠨ ᠲᠣᠰ ᠤᠳᠠᠭᠠᠨ ᠤ ᠰᠢᠯᠭᠠᠷᠠᠭᠤᠯᠬᠤ | ᠠᠵᠢᠯᠯᠠᠭ᠎ᠠ ᠳᠤ ᠣᠷᠣᠯᠴᠠᠵᠠᠢ᠃ |