| | | 1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠦᠴᠤᠸᠠᠨ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ | ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ | ᠠᠶᠠᠰ ᠤᠨ ᠳᠤᠮᠳᠠ ᠠᠮᠵᠢᠯᠲᠠ ᠲᠠᠢ ᠪᠠᠷ ᠲᠡᠭᠦᠰᠪᠡ᠃ ᠲᠤᠰ ᠤᠳᠠᠭ᠎ᠠ ᠶᠢᠨ ᠶᠡᠭᠡ ᠬᠤᠷᠠᠯ ᠳᠤ ᠣᠷᠣᠯᠴᠠᠬᠤ | ᠶᠣᠰᠣᠲᠠᠢ ᠲᠥᠯᠥᠭᠡᠯᠡᠭᠴᠢ 181 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 162 ᠬᠥᠮᠦᠨ ᠪᠤᠢ᠂ | ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠦᠴᠤᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠶ ᠫᠢᠩ ᠵᠡᠷᠭᠡ ᠤᠳᠤᠷᠢᠳᠤᠯᠭ᠎ᠠ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | | | | | | | | | | | | ᠬᠤᠷᠠᠯ ᠠᠴᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠳᠤ | ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ | ᠪᠠᠲᠤᠯᠠᠪᠠ᠃ ᠦᠴᠤᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠠᠲᠤᠯᠠᠵᠤ | ᠂ ᠰᠢᠶᠠᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠰᠢᠶᠠᠨ ᠤ 2022 ᠣᠨ ᠤ ᠡᠳ᠋ ᠤᠨ ᠵᠠᠰᠠᠭ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠦᠪ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠰᠢᠶᠠᠨ ᠤ | ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠵᠢᠴᠢ ᠰᠢᠶᠠᠨ ᠤ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | | | | | | ᠷᠧᠨ ᠶᠠᠨ ᠰᠢᠶᠠᠩ ᠲᠡᠭᠦᠰᠬᠦ ᠦᠶ᠎ᠡ ᠳᠤ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠲᠤᠰ | ᠤᠳᠠᠭᠠᠨ ᠤ ᠬᠤᠷᠠᠯ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠭᠤᠣᠯ ᠬᠦᠭ | ᠠᠶᠠᠰ ᠢ ᠲᠤᠪᠤᠶᠢᠯᠭᠠᠵᠤ᠂ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠬᠦ᠂ ᠰᠠᠶᠢᠨ ᠪᠤᠳᠤᠯᠭ᠎ᠠ ᠶᠢ ᠬᠠᠮᠲᠤ ᠪᠠᠷ | ᠰᠦᠪᠡᠭᠴᠢᠯᠡᠬᠦ ᠠᠷᠠᠳᠴᠢᠯᠠᠯ ᠤᠨ ᠠᠭᠤᠷ ᠠᠮᠢᠰᠬᠤᠯ ᠢᠶᠠᠷ ᠪᠢᠯᠬᠠᠵᠤ᠂ ᠨᠠᠮ ᠤᠨ ᠵᠣᠷᠢᠯᠲᠠ ᠶᠢ ᠭᠦᠢᠴᠡᠳ | ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠢ ᠭᠦᠢᠴᠡᠳ | ᠲᠤᠰᠬᠠᠭᠰᠠᠨ ᠶᠠᠪᠤᠳᠠᠯ ᠪᠣᠯ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠴᠠᠭ ᠦᠶ᠎ᠡ ᠲᠠᠢ | ᠵᠡᠷᠭᠡᠪᠡᠷ ᠤᠷᠤᠭᠰᠢᠯᠠᠭᠰᠠᠨ ᠶᠡᠭᠡ ᠬᠤᠷᠠᠯ ᠮᠥᠨ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠡᠶ᠎ᠡ ᠵᠣᠬᠢᠴᠠᠯ ᠢ | ᠠᠬᠢᠭᠤᠯᠤᠭᠰᠠᠨ ᠶᠡᠭᠡ ᠬᠤᠷᠠᠯ ᠮᠥᠨ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ | ᠶᠡᠭᠡ ᠬᠤᠷᠠᠯ ᠮᠥᠨ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠤᠨ ᠭᠤᠣᠯᠳᠠᠯᠭ᠎ᠠ ᠨᠢ ᠳᠣᠪᠤᠶᠢᠮ᠎ᠠ᠂ | ᠭᠤᠣᠯ ᠰᠡᠳᠦᠪ ᠨᠢ ᠲᠣᠳᠣᠷᠬᠠᠶ᠂ ᠭᠢᠯᠠᠰ ᠴᠡᠭ ᠣᠯᠠᠨ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠬᠠᠮᠠᠭᠠᠯᠠᠬᠤ᠂ ᠬᠥᠭᠵᠢᠭᠦᠯᠬᠦ᠂ | ᠴᠢᠨᠡᠭᠡᠯᠢᠭᠵᠢᠭᠦᠯᠬᠦ ᠭᠤᠷᠪᠠᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠠᠳ ᠢ ᠪᠠᠶᠠᠵᠢᠭᠤᠯᠬᠤ ᠪᠠ | ᠰᠢᠶᠠᠨ ᠢ ᠬᠦᠴᠦᠷᠬᠡᠭᠵᠢᠭᠦᠯᠬᠦ ᠬᠤᠶᠠᠷ ᠲᠠᠯ᠎ᠠ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ︿ᠳᠥᠷᠪᠡᠨ ᠠᠵᠤ | ᠦᠢᠯᠡᠰ ᠤᠨ ᠰᠠᠭᠤᠷᠢᠨ ᠭᠠᠵᠠᠷ﹀ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠦᠢᠯᠡᠰ ᠢᠶᠠᠷ ᠰᠢᠶᠠᠨ ᠤ | ᠬᠡᠪᠴᠢᠶᠡᠨ ᠤ ᠠᠵᠤ ᠠᠬᠤᠶ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ︿ᠵᠢᠷᠭᠤᠭᠠᠨ ᠰᠢᠨ᠎ᠡ | ᠦᠴᠤᠸᠠᠨ﹀ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠬᠦ﹀ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠰᠢᠶᠠᠨ ᠤ | ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠠᠤᠯᠢ ᠳᠤ ᠲᠣᠭᠲᠠᠭᠠᠭᠰᠠᠨ | ᠵᠢᠷᠤᠮ ᠢᠶᠠᠷ ᠳᠠᠮᠵᠢᠭᠤᠯᠤᠨ ᠪᠦᠬᠦ ᠰᠢᠶᠠᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ | ᠬᠤᠪᠢᠷᠠᠭᠤᠯᠬᠤ ᠬᠡᠷᠡᠭᠲᠡᠶ᠃ ᠬᠢᠨᠠᠨ ᠶᠠᠷᠢᠯᠴᠠᠵᠤ ᠵᠥᠪᠰᠢᠶᠡᠷᠡᠭᠰᠡᠨ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠭᠦᠢᠴᠡᠳᠬᠡᠬᠦ ᠲᠤᠭ᠎ᠠ ᠨᠢ ᠦᠨᠡᠨ ᠪᠣᠳᠠᠲᠠᠶ᠂ ᠠᠷᠭ᠎ᠠ ᠬᠡᠮᠵᠢᠶ᠎ᠡ ᠨᠢ ᠬᠡᠷᠡᠭᠵᠢᠭᠦᠯᠬᠦ ᠳᠤ | ᠠᠮᠠᠷᠬᠠᠨ᠂ ᠦᠴᠤᠸᠠᠨ ᠤ ᠬᠥᠭᠵᠢᠯᠲᠡ ᠳᠤ ᠲᠤᠰᠠᠲᠠᠶ ᠶᠤᠮ᠃ ᠳᠤᠷᠠᠳᠤᠭᠰᠠᠨ ᠲᠥᠯᠥᠭᠡᠯᠡᠭᠴᠢᠳ ᠤᠨ ᠰᠠᠨᠠᠭᠤᠯᠭ᠎ᠠ᠂ | ᠫᠢᠶᠣᠣ ᠪᠠᠷ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠤᠯᠠᠨ ᠲᠦᠮᠡᠨ ᠤ ᠬᠦᠰᠡᠯ | ᠰᠠᠨᠠᠭ᠎ᠠ ᠳᠤ ᠨᠡᠶᠢᠴᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠪᠦᠬᠦ ᠰᠢᠶᠠᠨ ᠤ ᠠᠷᠠᠳ | ᠲᠦᠮᠡᠨ ᠤ ᠬᠠᠯᠠᠭᠤᠨ ᠬᠦᠰᠡᠯ ᠱᠠᠭᠠᠷᠳᠠᠯᠭ᠎ᠠ ᠶᠢ ᠢᠯᠡᠳᠬᠡᠭᠰᠡᠨ ᠪᠠᠶᠢᠨ᠎ᠠ᠃ ᠬᠤᠷᠠᠯ ᠳᠤ ᠣᠷᠣᠯᠴᠠᠭᠰᠠᠳ ᠦᠵᠡᠯ | ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠲᠠᠢ ᠪᠤᠯᠵᠤ᠂ ᠬᠠᠮᠲᠤᠷᠠᠯ ᠤᠨ ᠬᠦᠴᠦᠨ ᠢ | ᠨᠢᠭᠲᠠᠷᠠᠭᠤᠯᠤᠭᠰᠠᠨ ᠢᠶᠠᠷ᠂ ᠬᠤᠷᠠᠯ ᠡᠯᠪᠡᠭ ᠪᠠᠶᠠᠯᠢᠭ ᠦᠷ᠎ᠡ ᠪᠦᠲᠦᠭᠡᠯ ᠤᠯᠪᠠ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠯᠥᠭᠡᠯᠡᠭᠴᠢᠳ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ | ᠠᠷᠠᠳ ᠲᠦᠮᠡᠨ ᠢ ᠲᠥᠯᠥᠭᠡᠯᠡᠵᠦ ᠪᠠᠶᠢᠳᠠᠭ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠨᠠᠶᠢᠳᠠᠪᠤᠷᠢᠵᠢᠭᠤᠯᠵᠤ | ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠭᠤᠣᠯ ᠬᠦᠴᠦᠨ ᠢ ᠪᠠᠲᠤᠯᠠᠵᠤ᠂ ᠡᠷᠬᠡᠪᠰᠢ ᠠᠷᠠᠳ | ᠲᠦᠮᠡᠨ ᠤ ᠳᠤᠮᠳᠠ ᠭᠦᠨᠵᠡᠭᠡᠶᠢᠷᠡᠵᠦ᠂ ᠪᠦᠬᠦ ᠬᠦᠴᠦᠨ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ | ᠲᠦᠮᠡᠨ ᠤ ᠢᠲᠡᠭᠡᠯ ᠢ ᠨᠠᠨᠳᠢᠩᠨᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠤᠷᠪᠠᠨ | ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠄ ᠨᠢᠭᠡ ᠳᠤ᠂ ᠬᠥᠭᠦᠷᠭᠡ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠡᠨᠡ | ᠤᠳᠠᠭ᠎ᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠵᠤ᠂ ᠰᠠᠶᠢᠲᠤᠷ ᠲᠤᠭᠤᠰᠢᠯᠠᠭᠤᠯᠵᠤ᠂ | ᠰᠠᠶᠢᠲᠤᠷ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠶᠢ ᠲᠦᠷᠭᠡᠨ ᠬᠥᠭᠵᠢᠭᠦᠯᠬᠦ ᠳᠡᠭᠡᠷ᠎ᠡ ᠨᠢᠭᠲᠠᠷᠠᠭᠤᠯᠵᠤ᠂ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ︔ ᠬᠤᠶᠠᠷ ᠲᠤ᠂ | ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠣᠯ ᠴᠥᠮ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠰᠢᠯᠢᠳᠡᠭ ᠬᠥᠮᠦᠰ ᠪᠠ | ᠭᠠᠷᠮᠠᠭᠠᠢ ᠲᠥᠯᠥᠭᠡᠯᠡᠭᠴᠢ ᠮᠥᠨ᠂ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠂ ᠶᠡᠭᠡ ᠲᠠᠯ᠎ᠠ ᠳᠤ | ᠦᠢᠯᠡᠴᠢᠯᠡᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ ᠬᠥᠭᠡᠭᠡᠴᠡᠯᠳᠦᠯ ᠢᠶᠠᠨ | ᠪᠣᠯᠭᠠᠵᠤ᠂ ᠰᠢᠨ᠎ᠡ ᠶᠢ ᠡᠭᠦᠳᠬᠦ ᠦᠢᠯᠡᠰ ᠪᠤᠰᠬᠠᠬᠤ ᠶᠢᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠪᠦᠬᠦ | ᠰᠢᠶᠠᠨ ᠤ ᠠᠷᠠᠳ ᠲᠦᠮᠡᠨ ᠢ ᠳᠠᠭᠠᠭᠤᠯᠤᠨ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠰᠢᠨ᠎ᠡ ᠳᠠᠪᠠᠯᠲᠠ ᠶᠢ | ᠠᠬᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ︔ ᠭᠤᠷᠪᠠ ᠳᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠤᠰ ᠲᠥᠷᠥ ᠶᠢᠨ | ᠵᠣᠭᠰᠣᠯᠲᠠ ᠪᠠᠨ ᠪᠠᠲᠤᠳᠬᠠᠵᠤ᠂ ᠬᠠᠤᠯᠢ ᠶᠣᠰᠣᠭᠠᠷ ᠤᠯᠤᠰ ᠤᠨ ᠡᠷᠬᠡ ᠪᠠᠨ ᠬᠡᠷᠡᠭᠵᠢᠭᠦᠯᠵᠦ᠂ ᠲᠦᠷᠦᠭᠦᠯᠡᠨ | ᠠᠷᠠᠳ ᠤᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠲᠤᠰᠬᠠᠵᠤ᠂ | ᠠᠷᠠᠳ ᠤᠨ ᠡᠷᠬᠡ ᠶᠢ ᠵᠣᠷᠢᠭᠲᠠᠢ ᠪᠠᠷ ᠬᠠᠮᠠᠭᠠᠯᠠᠵᠤ᠂ ᠦᠨᠳᠦᠰᠦᠨ ᠱᠠᠲᠤᠨ ᠳᠤ ᠬᠠᠨᠳᠤᠭᠰᠠᠨ᠂ ᠥᠷᠭᠡᠨ | ᠬᠡᠪᠴᠢᠶ᠎ᠡ ᠲᠠᠢ ᠶᠠᠪᠤᠯᠴᠠᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠠᠷᠠᠳ ᠲᠦᠮᠡᠨ ᠨᠠᠮᠠᠶᠢ | ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠭᠡᠬᠦ︾ ᠲᠥᠪ ᠴᠢᠩᠭ᠎ᠠ ᠠᠮᠠᠯᠠᠯᠲᠠ ᠶᠢ | ᠴᠢᠷᠮᠠᠶᠢᠨ ᠦᠢᠯᠡᠳᠦᠯᠭᠡᠵᠢᠭᠦᠯᠵᠦ᠂ ᠰᠢᠯᠭᠠᠷᠠᠭᠰᠠᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠰᠤᠷᠲᠠᠯ ᠤᠨ | ᠲᠦᠷᠢ ᠲᠥᠷᠬᠦ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ | ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠢᠷᠠᠭᠤ ᠠᠯᠳᠠᠷᠲᠤ | ᠴᠣᠯᠠ ᠳᠤ ᠣᠰᠣᠯᠳᠠᠬᠤ ᠦᠭᠡᠢ ᠪᠠᠶᠢᠬᠤ ᠬᠡᠷᠡᠭᠲᠡᠢ ᠭᠡᠪᠡ᠃ | ᠬᠤᠷᠠᠯ ᠠᠴᠠ᠂ ᠠᠷᠠᠳ ᠤᠨ ᠲᠥᠯᠥᠭᠡᠯᠡᠭᠴᠢ ᠨᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ᠲᠤᠰᠢᠶᠠᠯ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠵᠦ᠂ ᠦᠴᠤᠸᠠᠨ ᠤ ᠬᠥᠭᠵᠢᠯᠲᠡ ᠶᠢ ᠠᠬᠢᠭᠤᠯᠬᠤ ᠦᠢᠯᠡᠰ ᠴᠣᠭᠴᠠᠯᠠᠭᠴᠢ᠂ ᠲᠡᠮᠡᠴᠡᠭᠴᠢ | ᠪᠤᠯᠵᠤ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠦᠴᠤᠸᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠰᠦᠭᠡᠢ ᠭᠡᠵᠦ | ᠤᠷᠢᠶᠠᠯᠠᠪᠠ᠃ | | | | | | ᠬᠤᠷᠠᠯ ᠤᠨ ᠲᠠᠷᠠᠭ᠎ᠠ᠂ ᠰᠢᠨ᠎ᠡ ᠪᠠᠷ ᠰᠣᠩᠭᠤᠭᠳᠠᠭᠰᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠦᠨᠳᠦᠰᠦᠨ | ᠬᠠᠤᠯᠢ ᠳᠤ ᠲᠠᠩᠭᠠᠷᠢᠭᠯᠠᠪᠠ᠃ |