︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠢ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠡᠬᠢᠯᠡᠯᠲᠡ ᠶᠢᠨ | ᠶᠣᠰᠣᠯᠠᠯ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ | ᠶᠣᠰᠣᠯᠠᠯ ᠳᠤ ᠣᠷᠣᠯᠴᠠᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | | ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠬᠤᠲᠠ ︽ᠬᠤᠣᠰ ᠮᠢᠩᠭᠠᠨ ᠤ ᠢᠨᠵᠧᠨᠧᠷᠢᠩ︾ ᠢ | ᠦᠷᠭᠦᠯᠵᠢᠯᠡᠨ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠬᠡᠷᠡᠭᠵᠢᠭᠦᠯᠵᠦ᠂ ᠪᠥᠬᠦ ᠵᠢᠯ ᠳᠤ ᠭᠤᠣᠯᠳᠠᠯᠭ᠎ᠠ ᠲᠠᠢ | ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ ᠣᠨ ᠤ ᠪᠡᠯᠡ ᠣᠷᠣᠭᠤᠯᠤᠯᠲᠠ ᠶᠢ 1200 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ ᠣᠳᠣᠬᠠᠨ ᠳᠤ᠂ ᠪᠥᠬᠦ ᠬᠤᠲᠠ ᠳᠤ | ᠨᠡᠶᠢᠲᠡ 566 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ ᠨᠢ | ᠨᠢᠭᠡᠨᠲᠡ ᠬᠠᠭᠠᠰ ᠢ ᠳᠠᠪᠠᠭᠰᠠᠨ ᠪᠠᠶᠢᠨ᠎ᠠ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ ᠲᠤ 83 ᠲᠥᠷᠥᠯ ᠵᠦᠢᠯ ᠳᠤ ᠬᠢᠨᠠᠨ ᠵᠥᠪᠰᠢᠶᠡᠷᠡᠭᠦᠯᠬᠦ | ᠭᠠᠷᠳᠠᠮ ᠭᠦᠢᠴᠡᠳᠬᠡᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 568 ᠳ᠋ᠦᠩᠰᠢᠭᠤᠷ | ᠲᠥᠭᠦᠷᠢᠭ ᠲᠤ ᠬᠦᠷᠴᠡᠢ᠂ ᠡᠭᠦᠨ ᠳᠤ᠂ ᠬᠤᠲᠠ ᠶᠢᠨ ᠲᠣᠰ ᠱᠠᠲᠤᠨ ᠤ ᠬᠢᠨᠠᠨ ᠵᠥᠪᠰᠢᠶᠡᠷᠡᠬᠦ 15 ᠲᠥᠷᠥᠯ ᠵᠦᠢᠯ | ᠂ ᠬᠤᠰᠢᠭᠤ ᠰᠢᠶᠠᠨ ᠲᠣᠭᠤᠷᠢᠭ ᠤᠨ ᠬᠢᠨᠠᠨ ᠵᠥᠪᠰᠢᠶᠡᠷᠡᠬᠦ 68 ᠲᠥᠷᠥᠯ ᠵᠦᠢᠯ ᠪᠣᠶ᠃ ᠡᠬᠢᠯᠡᠯᠲᠡ ᠶᠢᠨ ᠶᠣᠰᠣᠯᠠᠯ | ᠳᠡᠭᠡᠷ᠎ᠡ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ᠂ ᠣᠷᠳᠣᠰ ᠪᠠᠩᠬᠢ᠂ ᠵᠥᠩ ᠰᠢᠨ ᠪᠠᠩᠬᠢ ᠵᠡᠷᠭᠡ ᠬᠥᠬᠡᠬᠤᠲᠠ ᠳᠤ ᠰᠠᠭᠤᠭ᠎ᠠ 5 | ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠤᠲᠠ ᠶᠢᠨ ᠰᠢᠲᠠᠮᠠᠬᠠᠢ ᠬᠡᠢ ᠶᠢᠨ ᠳᠤᠯᠠᠭᠠᠯᠠᠭ᠎ᠠ ᠶᠢᠨ ᠪᠦᠯᠦᠭᠯᠡᠯ᠂ | ᠥᠪᠥᠷ ᠮᠣᠩᠭᠤᠯ ᠤᠨ ᠱᠧᠩ ᠮᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠣᠯᠠᠨ ᠨᠡᠶᠢᠲᠡ ᠶᠢᠨ ᠠᠵᠢᠯ ᠦᠢᠯᠡᠰ ᠤᠨ ᠬᠢᠵᠠᠭᠠᠷᠲᠤ ᠺᠣᠮᠫᠠᠨᠢ᠂ ᠬᠤᠲᠠ ᠶᠢᠨ ᠵᠠᠮ | ᠬᠠᠷᠢᠯᠴᠠᠭᠠᠨ ᠤ ᠪᠦᠯᠦᠭᠯᠡᠯ᠂ ᠮᠧᠩ ᠼᠤᠤ ᠠᠮᠢ ᠠᠬᠤᠢ ᠶᠢᠨ ᠺᠣᠮᠫᠠᠨᠢ ᠵᠡᠷᠭᠡ 5 ᠲᠥᠯᠥᠭᠡᠯᠡᠭᠴᠢ ᠠᠵᠤ | ᠠᠬᠤᠶᠢᠯᠠᠯ ᠲᠠᠢ ᠭᠡᠷ᠎ᠡ ᠲᠣᠭᠲᠠᠪᠠ᠃ ᠣᠲᠣ ᠪᠣᠯᠲᠠᠯ᠎ᠠ᠂ 16 ᠪᠠᠩᠬᠢ ᠶᠢᠨ ᠪᠠᠶᠢᠭᠤᠯᠤᠮᠵᠢ 42 ᠭᠤᠣᠯᠳᠠᠯᠭ᠎ᠠ ᠲᠠᠢ | ᠲᠥᠷᠥᠯ ᠵᠦᠢᠯ ᠳᠤ ᠢᠲᠡᠭᠡᠮᠵᠢ ᠣᠯᠭᠤᠨ ᠳᠡᠮᠵᠢᠯᠭᠡ ᠦᠵᠡᠭᠦᠯᠵᠦ᠂ ᠪᠥᠬᠦ ᠵᠣᠭᠤᠰᠤᠨ ᠲᠤᠭ᠎ᠠ ᠨᠢ 357.5 | ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ | ᠬᠡᠷᠡᠭᠵᠢᠭᠦᠯᠦᠭᠳᠡᠬᠦ ᠳᠤ ᠬᠦᠴᠦᠨ ᠨᠡᠮᠡᠷᠢᠯᠡᠪᠡ᠃ | ᠶᠣᠰᠣᠯᠠᠯ ᠳᠡᠭᠡᠷ᠎ᠡ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠬᠢᠨᠠᠵᠤ ᠲᠦᠷᠭᠡᠨ | ᠭᠦᠢᠴᠡᠳᠬᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ︾ ︵ᠳᠣᠷᠣᠭᠰᠢ ︽ᠬᠤᠷᠢᠨ ᠵᠦᠢᠯ ᠤᠨ ᠠᠷᠭ᠎ᠠ ᠬᠡᠮᠵᠢᠶ᠎ᠡ︾ | ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ︽ᠬᠤᠷᠢᠨ ᠵᠦᠢᠯ ᠤᠨ | ᠠᠷᠭ᠎ᠠ ᠬᠡᠮᠵᠢᠶ᠎ᠡ︾ ᠶᠢ ︽ᠬᠤᠣᠰ ᠰᠢᠯᠢᠳᠡᠭ︾ ᠲᠤᠰᠬᠠᠢ ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ︽ | ᠬᠤᠣᠰ ᠲᠣᠳᠣᠷᠬᠠᠢ ᠬᠠᠭᠤᠳᠠᠰᠤ︾ ︵︽ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠵᠦ | ᠡᠷᠬᠡ ᠶᠢ ᠪᠠᠭᠠᠰᠬᠠᠵᠤ ᠡᠷᠬᠡ ᠶᠢ ᠪᠠᠭᠤᠯᠭᠠᠬᠤ ᠲᠣᠳᠣᠷᠬᠠᠢ ᠬᠠᠭᠤᠳᠠᠰᠤ︾ ︽ᠠᠵᠢᠯ ᠤᠨ ᠴᠤᠪᠤᠷᠠᠯ ᠢ | ᠰᠢᠯᠢᠳᠡᠭᠵᠢᠭᠦᠯᠬᠦ ᠲᠣᠳᠣᠷᠬᠠᠢ ᠬᠠᠭᠤᠳᠠᠰᠤ︾︶ ᠶᠢ ᠰᠢᠯᠢᠳᠡᠭᠵᠢᠭᠦᠯᠵᠦ᠂ ︽ᠰᠢᠭᠤᠳ ᠪᠠᠭᠤᠯᠭᠠᠬᠤ᠂ ᠨᠠᠶᠢᠳᠠᠨ | ᠬᠡᠷᠡᠭᠵᠢᠭᠦᠯᠬᠦ᠂ ᠣᠷᠣᠯᠠᠨ ᠬᠦᠯᠢᠶᠡᠨ ᠠᠪᠴᠤ ᠣᠷᠣᠯᠠᠨ ᠭᠦᠢᠴᠡᠳᠬᠡᠬᠦ᠂ ᠣᠷᠣᠯᠠᠨ ᠬᠦᠯᠢᠶᠡᠨ ᠠᠪᠴᠤ ᠰᠢᠯᠵᠢᠭᠦᠯᠦᠨ | ᠭᠦᠢᠴᠡᠳᠬᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠭᠤᠭᠴᠤᠭ᠎ᠠ ᠨᠢ | ᠬᠤᠷᠳᠤᠴᠠ ᠲᠠᠢ᠂ ᠲᠥᠷᠥᠯ ᠵᠦᠢᠯ ᠤᠨ ᠠᠵᠢᠯᠯᠠᠭᠠᠨ ᠨᠢ ᠥᠨᠳᠥᠷ ᠪᠦᠲᠦᠮᠵᠢᠲᠡᠶ᠂ ᠬᠥᠭᠵᠢᠯᠲᠡ ᠨᠢ ᠨᠠᠩ ᠶᠠᠰᠤ | ᠴᠢᠨᠠᠷ ᠲᠠᠢ ᠪᠣᠯᠬᠤ ᠶᠢ ᠯᠠᠪᠳᠠᠭᠤᠨ ᠪᠦᠲᠦᠮᠵᠢᠲᠡᠶ ᠠᠬᠢᠭᠤᠯᠤᠨ᠎ᠠ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠵᠠᠩ ᠵᠢᠢ ᠹᠧᠢ᠂ ᠮᠠ ᠪᠢᠩ ᠴᠢᠤᠸᠠᠨ ᠣᠷᠣᠯᠴᠠᠵᠤ᠂ ᠯᠢ | ᠰᠢᠶᠣᠣ ᠶᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠮᠡᠳᠡᠭᠳᠡᠭᠰᠡᠨ | ᠪᠥᠭᠡᠳ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠲᠥᠬᠦᠮ ᠲᠠᠨᠢᠯᠴᠠᠭᠤᠯᠪᠠ᠃ |