ᠾᠧ ᠬᠠᠢ ᠳ᠋ᠦᠩ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ | ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 9 ᠤ ᠡᠳᠦᠷ᠂ ᠰᠢᠨ᠎ᠡ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ ᠰᠢᠨ᠎ᠡ ᠢᠷᠡᠭᠡᠳᠦᠢ ᠶᠢ ᠴᠣᠭᠴᠠᠯᠠᠬᠤ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠪᠤᠭᠤᠲᠤ | ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠵᠢᠷᠭᠤᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ | ᠬᠤᠷᠠᠯ ᠣᠷᠳᠣᠰ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠱᠠᠨᠰᠢ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ | ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠲᠠᠪᠤᠨ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠸᠢᠳᠢᠤ᠋ ᠪᠠᠷ ᠵᠠᠯᠭᠠᠨ ᠬᠠᠮᠲᠤᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠳᠡᠯᠴᠡᠵᠦ᠂ ᠬᠥᠭᠵᠢᠯᠲᠡ ᠶᠢᠨ | ᠵᠢᠷᠤᠭ ᠲᠥᠯᠥᠪᠯᠡᠭᠡ ᠶᠢ ᠵᠢᠷᠤᠭᠯᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ | ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | ᠾᠧ ᠬᠠᠢ ᠳ᠋ᠦᠩ ᠶᠠᠷᠢᠶᠠᠨ ᠳᠠᠭᠠᠨ᠂ 2022 ᠣᠨ ᠳᠤ᠂ ᠬᠥᠬᠡᠬᠤᠲᠠ ᠪᠤᠭᠤᠲᠤ ᠬᠤᠳᠠ᠂ ᠣᠷᠳᠣᠰ | ᠬᠤᠳᠠ᠂ ᠲᠡᠮᠡᠭᠡᠲᠦ ᠬᠤᠳᠠ᠂ ᠤᠯᠠᠭᠠᠨᠴᠠᠪ ᠬᠤᠳᠠ ᠲᠠᠢ ᠬᠠᠷᠢᠯᠴᠠᠨ ᠬᠠᠪᠰᠤᠷᠤᠯᠴᠠᠵᠤ᠂ ᠨᠢᠭᠲᠠ ᠬᠠᠮᠵᠢᠯᠴᠠᠨ᠂ | ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠤᠷᠤᠭᠰᠢᠲᠠᠢ ᠠᠬᠢᠭᠤᠯᠵᠠᠢ᠃ ᠡᠨᠡ ᠨᠢᠭᠡ ᠵᠢᠯ ᠳᠤ᠂ | ᠬᠥᠬᠡᠬᠤᠲᠠ ᠪᠦᠷᠢᠨ ᠲᠡᠭᠦᠯᠳᠡᠷ ᠠᠵᠢᠯ ᠤᠨ ᠲᠥᠰᠥᠯ ᠲᠣᠭᠲᠠᠭᠠᠵᠤ᠂ ᠨᠢᠭᠡ ᠪᠦᠯᠦᠭ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ︽ᠠᠵᠤ ᠦᠢᠯᠡᠰ ᠤᠨ ᠪᠥᠭᠡᠮᠨᠡᠷᠡᠯ︾ ᠤᠨ | ᠳᠠᠪᠠᠭᠤᠯᠢᠭ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠰᠣᠶᠣᠯ ᠵᠢᠭᠤᠯᠴᠢᠯᠠᠯ ᠠᠭᠤᠰᠤᠯᠴᠠᠭᠰᠠᠨ | ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ | ᠬᠤᠯᠪᠤᠭᠠᠯᠠᠨ ᠰᠡᠷᠭᠡᠶᠢᠯᠡᠵᠦ ᠬᠠᠮᠲᠤ ᠪᠠᠷ ᠵᠠᠰᠠᠵᠤ᠂ ᠨᠢᠭᠡ ᠪᠦᠯᠦᠭ ︽ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠲᠤ ᠨᠡᠶᠢᠳᠡᠮ ᠭᠦᠢᠴᠡᠳᠬᠡᠬᠦ︾ ᠵᠦᠢᠯᠡᠰ ᠢ ᠰᠢᠨ᠎ᠡ ᠪᠠᠷ ᠨᠡᠮᠡᠭᠰᠡᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠬᠥᠬᠡᠬᠤᠲᠠ ︽ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ︾᠂ ︽ᠵᠢᠷᠭᠤᠭᠠᠨ ᠶᠡᠭᠡ | ᠠᠵᠤ ᠦᠢᠯᠡᠰ ᠤᠨ ᠪᠥᠭᠡᠮᠨᠡᠷᠡᠯ︾᠂ ︽ᠰᠣᠶᠣᠯ ᠵᠢᠭᠤᠯᠴᠢᠯᠠᠯ ᠠᠭᠤᠰᠤᠯᠴᠠᠭᠰᠠᠨ ᠬᠥᠭᠵᠢᠯᠲᠡ︾᠂ ︽ᠣᠶᠤᠨᠲᠤ | ᠬᠤᠳᠠ ᠶᠢᠨ ᠪᠦᠲᠦᠭᠡᠨ ᠪᠠᠶᠢᠭᠤᠯᠤᠯᠲᠠ︾᠂ ︽ᠤᠯᠠᠨ ᠲᠦᠮᠡᠨ ᠳᠤ ᠦᠢᠯᠡᠴᠢᠯᠡᠵᠦ ᠪᠠᠲᠤᠯᠠᠬᠤ︾ ᠵᠡᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠩ ᠢᠳᠡᠪᠬᠢᠲᠡᠢ ᠨᠡᠭᠡᠭᠡᠯᠲᠡ ᠲᠠᠢ ᠣᠪᠣᠷ ᠪᠠᠶᠢᠳᠠᠯ ᠢᠶᠠᠷ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠦᠨᠡᠨᠴᠢ ᠪᠠᠷ | ᠬᠠᠮᠲᠤᠷᠠᠯᠴᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠵᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠭᠰᠡᠨ᠂ ᠴᠢᠨᠠᠷ ᠰᠠᠶᠢᠲᠠᠢ ᠬᠥᠭᠵᠢᠯᠲᠡ ᠲᠠᠢ ᠣᠷᠣᠨ ᠪᠦᠰᠡ ᠶᠢᠨ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠲᠦᠷᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃ | ᠬᠤᠷᠠᠯ ᠠᠴᠠ ︽ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠦᠢᠯᠡᠳᠪᠦᠷᠢᠯᠡᠯ ᠰᠤᠷᠭᠠᠨ | ᠬᠥᠮᠦᠵᠢᠯ ᠢ ᠠᠭᠤᠰᠤᠯᠴᠠᠭᠤᠯᠬᠤ ᠵᠥᠪᠯᠡᠯᠴᠡᠭᠡᠷ︾᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ | ᠣᠶᠤᠨᠲᠤ ᠴᠣᠭᠴᠠ ᠶᠢ ᠬᠠᠮᠲᠤᠷᠠᠨ ᠨᠡᠭᠡᠭᠡᠨ ᠬᠥᠭᠵᠢᠭᠦᠯᠬᠦ ᠵᠥᠪᠯᠡᠯᠴᠡᠭᠡᠷ︾᠂ ︽ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠬᠤᠳᠠ ᠶᠢᠨ ᠰᠢᠨ᠎ᠡ ᠡᠨᠧᠷᠭᠢ ᠶᠢᠨ ᠲᠤᠭ᠎ᠠ ᠪᠠᠷᠢᠮᠲᠠ ᠶᠢᠨ ᠬᠠᠭᠤᠷᠠᠢ ᠶᠢᠨ ᠭᠠᠷᠠᠮ ᠤᠨ ᠣᠶᠣᠨᠲᠣ | ᠰᠢᠨᠵᠢᠯᠡᠭᠡ ᠮᠡᠷᠭᠡᠵᠢᠯ ᠤᠨ ᠪᠠᠷᠠᠭᠠᠨ ᠤ ᠭᠦᠢᠯᠭᠡᠭᠡᠨ ᠤ ᠵᠥᠪᠯᠡᠯᠴᠡᠭᠡᠷ︾ ︽ᠣᠷᠳᠣᠰ ᠬᠤᠲᠠ - ᠲᠡᠮᠡᠭᠡᠲᠦ | ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ | ᠦᠰᠦᠭ ᠵᠢᠷᠤᠪᠠ᠃ | ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ ᠵᠢᠴᠢ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠ ᠶᠢᠨ ᠡᠳ᠋ ᠤᠨ | ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ |