ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠪᠠᠶᠠᠷ︾ ᠤᠨ ᠬᠤᠭᠤᠴᠠᠭᠠᠨ ᠳᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/1/11
     2023 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠦᠴᠤᠸᠠᠨ ᠰᠢᠶᠠᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 2022 ᠣᠨ ᠤ 12 ᠰᠠᠷ᠎ᠠ ᠶᠢᠨ 31 ᠤ ᠡᠳᠦᠷ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ‌‍ᠲ᠋ᠣᠪᠴᠢᠶ᠎ᠠ ᠠᠴᠠ ᠪᠦᠬᠦ ᠰᠢᠶᠠᠨ ᠤ ᠬᠥᠮᠦᠨ ᠬᠠᠷ᠎ᠠ ᠲᠥᠪᠯᠡᠷᠡᠭᠰᠡᠨ ᠡᠵᠡᠩᠨᠡᠯᠲᠡ ᠶᠢᠨ ᠲᠠᠯᠠᠪᠤᠷ ᠲᠤ ᠴᠢᠭᠯᠡᠭᠦᠯᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠥᠪᠯᠡᠷᠡᠩᠭᠦᠢ ᠪᠠᠶᠢᠴᠠᠭᠠᠯᠲᠠ ᠶᠢ ᠥᠷᠨᠢᠭᠦᠯᠵᠡᠢ᠃ ᠲᠣᠪᠴᠢᠶ᠎ᠠ ᠶᠢᠨ ᠭᠤᠤᠯ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠯᠲᠠ ᠳᠤ ᠣᠷᠣᠯᠴᠠᠵᠠᠶ᠃
     ᠲᠣᠰ ᠤᠳᠠᠭᠠᠨ ᠤ ᠪᠠᠶᠢᠴᠠᠭᠠᠯᠲᠠ ᠳᠤ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠴᠠᠬᠢᠯᠭᠠᠨ ᠱᠠᠲᠤ᠂ ᠳᠠᠷᠤᠯᠲᠠᠲᠤ ᠰᠠᠪᠠ᠂ ᠬᠡᠶᠢᠲᠦ ᠰᠠᠪᠠ ᠶᠢ ᠤᠭᠰᠠᠷᠠᠬᠤ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠪᠠᠷ ᠭᠤᠤᠯᠳᠠᠯᠭ᠎ᠠ ᠪᠣᠯᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯᠯᠠᠭᠴᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ᠂ ᠠᠵᠢᠯ ᠤᠨ ᠶᠠᠪᠤᠴᠠ ᠨᠢ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠳᠡᠩᠰᠡᠯᠡᠯᠲᠡ ᠶᠢᠨ ᠲᠡᠮᠳᠡᠭ ᠨᠢ ᠪᠦᠷᠢᠨ ᠪᠠᠶᠢᠬᠤ ᠡᠰᠡᠬᠦ᠂ ᠬᠤᠭᠤᠴᠠᠭ᠎ᠠ ᠠᠴᠠ ᠬᠡᠲᠦᠷᠡᠲᠡᠯ᠎ᠡ ᠪᠠᠶᠢᠴᠠᠭᠠᠭᠰᠠᠨ ᠥᠬᠡᠶ ᠪᠤᠶᠤ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠪᠣᠯᠪᠠᠴᠤ ᠮᠥᠨ ᠯᠡ ᠬᠡᠷᠡᠭᠯᠡᠵᠦ ᠪᠠᠶᠢᠭ᠎ᠠ ᠪᠤᠰᠤᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠣᠷᠣᠰᠢᠵᠤ ᠪᠠᠶᠢᠬᠤ ᠡᠰᠡᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠸᠠᠭᠤᠨ ᠮᠠᠶ᠋ᠢᠭ ᠤᠨ ᠴᠠᠬᠢᠯᠭᠠᠨ ᠱᠠᠲᠤ ᠶᠢᠨ ᠲᠠᠪᠤᠨ ᠲᠠᠯ᠎ᠠ ᠶᠢᠨ ᠶᠠᠷᠢᠯᠴᠠᠭᠠᠨ ᠤ ᠰᠢᠰᠲ᠋ᠧᠮ᠂ ᠠᠦ᠋ᠲ᠋ᠣ᠋ ᠲᠦᠰᠢᠭᠦᠷ ᠱᠠᠲᠤ ᠶᠢᠨ ᠲᠦᠷᠭᠡᠨ ᠵᠣᠭᠰᠣᠬᠤ ᠳᠠᠷᠤᠪᠴᠢ ᠬᠡᠪ ᠢᠶᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠡᠵᠡᠮᠳᠡᠯ ᠤᠨ ᠲᠥᠬᠦᠭᠡᠷᠦᠮᠵᠢ ᠶᠢ ᠬᠡᠪ ᠢᠶᠠᠷ ᠬᠡᠷᠡᠭᠯᠡᠵᠦ ᠪᠠᠶᠢᠬᠤ ᠡᠰᠡᠬᠦ ᠶᠢ ᠰᠢᠯᠭᠠᠨ ᠪᠠᠶᠢᠴᠠᠭᠠᠵᠠᠶ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠲᠦᠭᠰᠢᠭᠦᠷᠢ ᠳᠤ᠂ ᠲᠡᠷᠡ ᠳᠠᠷᠤᠶ ᠳᠤᠨᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠵᠤ᠂ ᠪᠢᠲᠡᠭᠦᠦ ᠴᠠᠭᠠᠷᠢᠭ ᠪᠦᠷᠢᠯᠳᠦᠭᠦᠯᠦᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠡᠭᠦᠨ ᠤ ᠬᠠᠮᠲᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠰᠠᠨᠠᠭᠤᠯᠤᠮᠵᠢ ᠥᠭᠴᠦ᠂ ᠡᠯ᠎ᠡ ᠨᠢᠭᠡᠴᠡ ᠶᠢ ᠪᠠᠶᠠᠷ ᠤᠨ ᠡᠳᠦᠷ ᠪᠠ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠵᠢᠵᠢᠭᠦᠷᠯᠡᠨ ᠰᠠᠬᠢᠬᠤ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠪᠠᠯᠠᠶ ᠭᠠᠵᠠᠷ ᠥᠬᠡᠶ᠂ ᠥᠯᠥ ᠣᠨᠣᠭᠳᠠᠬᠤ ᠭᠠᠵᠠᠷ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠠᠶᠠᠷ ᠤᠨ ᠡᠳᠦᠷ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠨᠢᠭᠡᠴᠡ ᠶᠢᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠪᠥᠬᠦ ᠰᠢᠶᠠᠨ ᠤ ᠠᠷᠠᠳ ᠣᠯᠠᠨ ᠤ ᠪᠠᠶᠠᠷ ᠬᠥᠷ ᠲᠠᠢ᠂ ᠠᠮᠤᠷ ᠲᠦᠪᠰᠢᠨ᠂ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号