ᠦᠴᠤᠸᠠᠨ ᠰᠢᠶᠠᠨ ᠤ ᠶᠠᠨ ᠬᠥ᠋ ᠹᠠᠩ ᠺᠣᠮᠫᠠᠨᠢ ᠨᠣᠬᠠᠶ ᠶᠢᠨ ᠬᠤᠰᠢᠭᠤ ᠶᠢᠨ ᠠᠮᠤ ᠪᠤᠳᠠᠭᠠᠨ ᠤ ᠵᠣᠭᠤᠰ ᠢ ᠲᠠᠷᠬᠠᠭᠠᠬᠤ ᠵᠢᠴᠢ ᠠᠮᠤ ᠪᠤᠳᠠᠭ᠎ᠠ ᠳᠠᠷᠢᠬᠤ ᠲᠣᠮᠣ ᠡᠷᠦᠬᠡ ᠶᠢᠨ ᠰᠢᠨ᠎ᠡ ᠵᠢᠯ ᠤᠨ ᠬᠥᠬᠢᠭᠦᠯᠦᠨ ᠰᠠᠶᠢᠰᠢᠶᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 9 ᠤ ᠡᠳᠦᠷ᠂ ᠦᠴᠤᠸᠠᠨ ᠰᠢᠶᠠᠨ ᠤ ᠶᠠᠨ ᠭᠦ᠋ ᠹᠠᠩ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠪᠤᠭᠤᠳᠠᠢ ᠶᠢ ᠬᠠᠮᠲᠤᠪᠠᠷ ᠪᠠᠶᠠᠵᠢᠭᠤᠯᠬᠤ︾ ᠨᠣᠬᠠᠶ ᠶᠢᠨ ᠬᠤᠰᠢᠭᠤ ᠶᠢᠨ ᠠᠮᠤ ᠪᠤᠳᠠᠭᠠᠨ ᠤ ᠵᠣᠭᠤᠰ ᠢ ᠲᠠᠷᠬᠠᠭᠠᠬᠤ ᠵᠢᠴᠢ ᠠᠮᠤ ᠪᠤᠳᠠᠭ᠎ᠠ ᠲᠠᠷᠢᠬᠤ ᠲᠤᠮᠤ ᠡᠷᠦᠬᠡ ᠳᠤ ᠰᠢᠨ᠎ᠡ ᠵᠢᠯ ᠤᠨ ᠬᠥᠬᠢᠭᠦᠯᠦᠨ ᠰᠠᠶᠢᠰᠢᠶᠠᠬᠤ ᠶᠣᠰᠣᠯᠠᠯ ᠶᠠᠪᠤᠭᠤᠯᠵᠠᠢ᠃        ᠲᠠᠷᠢᠶᠠᠴᠢᠳ ᠪᠣᠯ ᠠᠮᠤ ᠪᠤᠳᠠᠭ᠎ᠠ ᠲᠠᠷᠢᠬᠤ ᠭᠤᠣᠯ ᠴᠣᠭᠴᠠ ᠮᠥᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠬᠦᠴᠦᠨ ᠮᠥᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠬᠠᠮᠠᠭᠠᠯᠠᠨ ᠳᠠᠶᠢᠴᠢᠯᠠᠬᠤ ᠶᠢᠨ ᠲᠥᠯᠥᠭᠡ᠂ ᠤᠯᠤᠰ ᠤᠨ ︽ᠬᠦᠨᠡᠰᠦᠨ ᠤ ᠤᠭᠤᠲᠠ︾ ᠶᠢ ᠨᠡᠩ ᠪᠠᠲᠤᠯᠠᠭ᠎ᠠ ᠲᠠᠢ ᠪᠣᠯᠭᠠᠵᠤ᠂ ᠶᠠᠨ ᠭᠦ᠋ ᠹᠠᠩ ᠥᠪᠥᠷ ᠮᠣᠩᠭᠤᠯ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ︽ᠪᠤᠬ᠎ᠠ ᠲᠡᠷᠭᠡ︾ ᠪᠤᠯᠵᠤ᠂ 2023 ᠣᠨ ᠤ ᠡᠬᠢᠯᠡᠯᠲᠡ ᠶᠢᠨ ᠲᠠᠰᠢᠷᠠᠮ ᠢᠶᠠᠷ᠂ ᠶᠠᠨ ᠭᠦ᠋ ᠹᠠᠩ ᠠᠴᠠ ᠲᠠᠷᠢᠶᠠᠴᠢᠨ ᠡᠷᠦᠬᠡ ᠳᠤ ᠠᠮᠤ ᠪᠤᠳᠠᠭᠠᠨ ᠤ ᠵᠣᠭᠤᠰ ᠥᠭᠬᠦ ᠶᠣᠰᠣᠯᠠᠯ ᠶᠠᠪᠤᠭᠤᠯᠵᠤ᠂ ᠤᠯᠠᠨ ᠵᠢᠯ ᠤᠨ ᠲᠤᠷᠰᠢ ᠶᠠᠨ ᠭᠦ᠋ ᠹᠠᠩ ᠲᠠᠢ ᠬᠠᠮᠲᠤᠷᠠᠯᠴᠠᠭᠰᠠᠨ ᠵᠠᠬᠢᠶᠠᠯᠠᠭ᠎ᠠ ᠶᠢᠨ ᠲᠠᠷᠢᠶᠠᠴᠢᠨ ᠡᠷᠦᠬᠡ ᠳᠤ ᠲᠤᠬᠠᠢ ᠶᠢᠨ ᠲᠠᠯᠠᠪᠠᠢ ᠳᠤ ᠠᠮᠤ ᠪᠤᠳᠠᠭᠠᠨ ᠤ ᠵᠣᠭᠤᠰ ᠥᠭᠬᠦ ᠶᠢᠨ ᠬᠠᠮᠲᠤ ᠳ᠋ᠦᠩᠨᠡᠨ ᠪᠤᠳᠤᠵᠠᠢ᠂ ᠬᠥᠬᠢᠭᠦᠯᠦᠯ ᠬᠦᠷᠳᠡᠭᠰᠡᠨ ᠲᠠᠷᠢᠶᠠᠴᠢᠳ ᠪᠠᠶᠠᠷᠯᠠᠨ ᠢᠨᠢᠶᠡᠯᠳᠦᠬᠦ ᠶᠢᠨ ᠬᠠᠮᠲᠤ ᠶᠠᠨ ᠭᠦ᠋ ᠹᠠᠩ ᠪᠦᠯᠦᠭᠯᠡᠯ ᠤᠨ ᠵᠣᠷᠢᠭᠵᠢᠭᠤᠯᠤᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠤᠯᠠᠨ ᠵᠢᠯ ᠤᠨ ᠲᠤᠷᠰᠢ ᠶᠠᠨ ᠬᠦ᠋ ᠹᠠᠩ ᠪᠦᠯᠦᠭᠯᠡᠯ ︽ᠨᠢᠭᠡ ᠲᠠᠯ᠎ᠠ ᠪᠠᠷ ᠲᠠᠷᠢᠶᠠᠴᠢᠨ ᠨᠢᠭᠡ ᠲᠠᠯ᠎ᠠ ᠪᠠᠷ ᠬᠤᠳᠠ ᠶᠢᠨ ᠠᠷᠠᠳ︾ ᠢ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠰᠠᠶᠢᠲᠤᠷ ᠬᠥᠭᠵᠢᠭᠦᠯᠬᠦ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠃ ᠲᠣᠰ ᠤᠳᠠᠭᠠᠨ ᠤ ᠬᠥᠬᠢᠭᠦᠯᠦᠨ ᠰᠠᠶᠢᠰᠢᠶᠠᠬᠤ ᠶᠣᠰᠣᠯᠠᠯ ᠨᠢ ᠮᠠᠨ ᠤ ᠰᠢᠶᠠᠨ ᠤ ᠠᠮᠤ ᠪᠤᠳᠠᠭ᠎ᠠ ᠳᠠᠷᠢᠬᠤ ᠲᠠᠷᠢᠶᠠᠴᠢᠨ ᠡᠷᠦᠬᠡ ᠳᠤ ︽ᠰᠡᠳᠬᠢᠯ ᠢ ᠠᠮᠤᠷᠵᠢᠭᠤᠯᠬᠤ ᠦᠷᠢᠯ︾ ᠥᠭᠴᠦ᠂ ᠮᠠᠨ ᠤ ᠰᠢᠶᠠᠨ ᠤ ᠠᠮᠤ ᠪᠤᠳᠠᠭ᠎ᠠ ᠳᠠᠷᠢᠬᠤ ᠲᠠᠷᠢᠶᠠᠴᠢᠨ ᠡᠷᠦᠬᠡ ᠶᠢᠨ ᠢᠳᠡ ᠬᠦᠴᠦᠨ ᠢ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢᠨ ᠣᠯᠠᠨ ᠵᠦᠢᠯ ᠤᠨ ᠠᠮᠤ ᠪᠤᠳᠠᠭ᠎ᠠ ᠳᠠᠷᠢᠬᠤ᠂ ᠰᠠᠶᠢᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠮᠠᠨ ᠤ ᠰᠢᠶᠠᠨ ᠤ ᠨᠣᠬᠠᠶ ᠶᠢᠨ ᠬᠤᠰᠢᠭᠤ ᠶᠢᠨ ᠴᠢᠨᠠᠷ ᠰᠠᠶᠢᠲᠠᠶ ᠬᠥᠭᠵᠢᠯᠲᠡ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠶᠢ ᠨᠠᠩ ᠰᠠᠶᠢᠨ ᠨᠠᠩ ᠲᠦᠷᠭᠡᠨ ᠢᠶᠠᠷ ᠳᠥᠯᠭᠢᠨ ᠠᠬᠢᠭᠤᠯᠬᠤ ᠳᠤ ᠠᠰᠢᠭᠲᠠᠶ ᠶᠤᠮ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号